ᠢᠦᠢ ᠬᠠᠢ ᠢᠦᠢ ᠤᠳᠤᠭ ᠤᠨ ᠡᠮᠤᠨᠡᠳᠤ ᠬᠤᠰᠢᠭᠤᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/25
     5 ᠰᠠᠷ᠎ᠠ ᠶᠢᠨ 20 ᠤ ᠡᠳᠤᠷ ᠠᠴᠠ 21 ᠤ ᠡᠳᠤᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠢᠦᠢ ᠬᠠᠢ ᠢᠦᠢ ᠤᠳᠤᠭ ᠤᠨ ᠡᠮᠤᠨᠡᠳᠤ ᠬᠤᠰᠢᠭᠤᠨ ᠳᠤ ᠠᠮᠢ ᠠᠬᠤᠢ ᠶᠢᠨ ᠬᠠᠮᠠᠭᠠᠯᠠᠯᠳᠠ᠂ ᠠᠵᠤ ᠤᠶᠢᠯᠡᠰ ᠤᠨ ᠬᠦᠭᠵᠢᠯᠳᠠ᠂ ᠰᠤᠶᠤᠯ ᠵᠢᠭᠤᠯᠴᠢᠯᠠᠯ ᠤᠨ ᠠᠭᠤᠰᠤᠯᠴᠠᠯ ᠵᠡᠷᠬᠡ ᠠᠵᠢᠯ ᠢ ᠪᠠᠶᠢᠴᠠᠭᠠᠨ ᠰᠤᠳᠤᠯᠪᠠ᠃ ᠬᠤᠳᠠ ᠶᠢᠨ ᠳᠡᠳ᠋ ᠳᠠᠷᠤᠭ᠎ᠠ ᠵᠢᠷᠤᠮᠳᠤ ᠤᠷᠤᠯᠴᠠᠪᠠ᠃     ᠢᠦᠢ ᠬᠠᠢ ᠢᠦᠢ ᠤᠷᠳᠤᠰ ᠤᠨ ᠮᠤᠭᠠᠶᠢᠳᠤ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠤᠯᠵᠠᠴᠢ ᠪᠠᠯᠭᠠᠰᠤ ᠶᠢᠨ ᠭᠠᠵᠠᠷ ᠳᠤᠤᠷᠠᠬᠢ ᠤᠰᠤᠨ ᠤ ᠬᠡᠳᠤ ᠠᠰᠢᠭᠯᠠᠯᠳᠠ ᠶᠢᠨ ᠶᠡᠷᠤᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ᠂ ᠮᠤᠤᠠᠤᠰᠤ ᠶᠢᠨ ᠡᠯᠡᠰᠤᠨ ᠭᠠᠵᠠᠷ ᠤᠨ ᠦᠪᠤᠷ ᠮᠤᠩᠭᠤᠯ ᠱᠠᠨᠰᠢ ᠨᠢᠩᠰᠢᠶᠠ ᠶᠢᠨ ᠬᠤᠯᠪᠤᠭᠠᠯᠠᠨ ᠰᠡᠷᠬᠡᠶᠢᠯᠡᠨ ᠵᠠᠰᠠᠬᠤ ᠲᠦᠷᠤᠯ ᠵᠦᠢᠯ ᠤᠨ ᠳᠤᠬᠠᠢ ᠶᠢᠨ ᠳᠠᠯᠠᠪᠤᠷ ᠲᠤ ᠤᠷᠭᠤᠮᠠᠯ ᠤᠨ ᠬᠤᠴᠢᠯᠭ᠎ᠠ ᠶᠢᠨ ᠬᠠᠮᠠᠭᠠᠯᠠᠯᠳᠠ᠂ ᠤᠰᠤᠨ ᠰᠢᠰᠲ᠋ᠧᠮ ᠤᠨ ᠵᠠᠰᠠᠯᠳᠠ᠂ ᠡᠯᠡᠰᠤ ᠰᠡᠷᠬᠡᠶᠢᠯᠡᠨ ᠵᠠᠰᠠᠯᠳᠠ ᠵᠡᠷᠬᠡ ᠪᠠᠶᠢᠳᠠᠯ ᠢ ᠨᠠᠷᠢᠯᠢᠭ ᠤᠶᠢᠯᠠᠭᠠᠪᠠ᠃ ᠳᠠᠷᠠ᠂ ᠠᠮᠢ ᠠᠬᠤᠢ ᠤᠷᠴᠢᠨ ᠬᠠᠮᠠᠭᠠᠯᠠᠯᠳᠠ ᠶᠢᠨ ᠤᠯᠤᠰ ᠲᠦᠷᠤ ᠶᠢᠨ ᠬᠠᠷᠢᠭᠤᠴᠠᠯᠭ᠎ᠠ ᠪᠠᠨ ᠪᠠᠳᠤ ᠡᠬᠦᠷᠬᠡᠯᠡᠨ᠂ ᠠᠭᠤᠯᠠ ᠤᠰᠤ ᠤᠢ ᠮᠤᠳᠤ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠬᠡᠷ ᠡᠯᠡᠰᠤ ᠮᠠᠩᠬ᠎ᠠ ᠶᠢᠨ ᠰᠢᠰᠲ᠋ᠧᠮᠴᠢ ᠵᠠᠰᠠᠯᠳᠠ ᠪᠠᠨ ᠨᠢᠬᠡᠳᠤᠯᠳᠠᠢ ᠲᠦᠯᠤᠪᠵᠢᠬᠦᠯᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠳᠤ ᠴᠢᠨᠠᠷ᠂ ᠳᠤᠭᠳᠠᠭᠤᠨ ᠴᠢᠨᠠᠷ᠂ ᠦᠷᠬᠦᠯᠵᠢᠬᠦᠶᠢᠴᠠ ᠴᠢᠨᠠᠷ  ᠢ ᠬᠦᠴᠤᠯᠡᠨ ᠳᠡᠬᠡᠭᠰᠢᠯᠡᠬᠦᠯᠬᠦ ᠬᠡᠷᠡᠭᠳᠠᠢ᠃ ᠡᠯ᠎ᠡ ᠱᠠᠳᠤ ᠡᠯ᠎ᠡ ᠲᠦᠷᠤᠯ ᠤᠨ ᠠᠮᠢ ᠠᠬᠤᠢ ᠤᠷᠴᠢᠨ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ ᠶᠢᠨ ᠬᠠᠷᠢᠭᠤ ᠳᠤᠰᠬᠠᠭᠰᠡᠨ ᠠᠰᠠᠭᠤᠳᠠᠯ ᠤᠨ ᠴᠡᠭᠴᠡᠯᠡᠯᠳᠠ ᠶᠢ ᠪᠦᠬᠦ ᠬᠦᠴᠤᠨ ᠢᠶᠠᠷ ᠰᠠᠶᠢᠳᠤᠷ ᠠᠤᠨᠬᠤᠨ᠂ ᠵᠠᠰᠠᠯᠳᠠ ᠶᠢᠨ ᠪᠦᠳᠤᠮᠵᠢ ᠪᠠᠨ ᠪᠠᠬᠢᠵᠢᠬᠦᠯᠤᠨ ᠦᠷᠬᠡᠤᠨᠬᠡᠬᠦ ᠬᠡᠷᠡᠭᠳᠠᠢ᠃ ᠪᠦᠳᠤᠮᠵᠢᠳᠠᠢ ᠬᠠᠮᠠᠭᠠᠯᠠᠬᠤ ᠪᠠ ᠵᠤᠬᠢᠰᠳᠠᠢ ᠨᠡᠬᠡᠬᠡᠨ ᠠᠰᠢᠭᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠨ᠂ ᠠᠮᠢ ᠠᠬᠤᠢ ᠶᠢᠨ ᠰᠠᠶᠢᠵᠢᠷᠠᠯᠳᠠ  ᠪᠠᠷ ᠠᠵᠤ ᠤᠶᠢᠯᠡᠰ ᠤᠨ ᠪᠦᠳᠤᠮᠵᠢ ᠶᠢ ᠨᠡᠮᠡᠭᠳᠡᠬᠦᠯᠬᠦ᠂ ᠮᠠᠯᠴᠢᠨ ᠳᠠᠷᠢᠶᠠᠴᠢᠨ ᠤ ᠤᠷᠤᠯᠭ᠎ᠠ ᠶᠢ ᠨᠠᠮᠡᠭᠳᠡᠬᠦᠯᠬᠦ ᠶᠢ ᠠᠬᠢᠭᠤᠯᠬᠤ ᠬᠡᠷᠡᠭᠳᠠᠢ ᠬᠡᠪᠡ᠃
1.png
2.png
     ᠢᠦᠢ ᠬᠠᠢ ᠢᠦᠢ᠂ ᠷᠦᠨ ᠶᠠᠩ ᠤᠨ ᠨᠠᠷᠠᠨ ᠡᠨᠧᠷᠬᠢ ᠶᠢᠨ ᠪᠦᠬᠦ ᠤᠶᠢᠯᠡᠰ ᠤᠨ ᠬᠡᠯᠬᠢᠶᠡᠵᠢᠯ᠂ ᠱᠧᠨ᠋ᠵᠸᠠ ᠤ ᠡᠨᠧᠷᠬᠢ ᠶᠢᠨ ᠨᠠᠷᠠᠨ ᠡᠨᠧᠷᠬᠢ ᠪᠠᠷ ᠤᠰᠤᠳᠦ᠋ᠷᠦᠭᠴᠢ  ᠤᠶᠢᠯᠡᠤᠨᠬᠦ ᠭᠠᠵᠠᠷ ᠲᠤ ᠲᠦᠷᠤᠯ ᠵᠦᠢᠯ ᠤᠨ ᠪᠠᠶᠢᠭᠤᠯᠤᠯᠳᠠ ᠶᠢᠨ ᠠᠵᠢᠯᠯᠠᠮᠵᠢ ᠶᠢᠨ ᠪᠠᠶᠢᠳᠠᠯ ᠢ ᠪᠤᠳᠠᠳᠤ ᠭᠠᠵᠠᠷ ᠲᠤ ᠨᠢ ᠪᠠᠶᠢᠴᠠᠭᠠᠨ ᠦᠵᠡᠵᠤ᠂ ᠳᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠵᠤ ᠤᠶᠢᠯᠡᠰ ᠤᠨ ᠪᠠᠶᠢᠷᠢᠯᠠᠭᠤᠯᠤᠯᠳᠠ ᠪᠠᠨ ᠰᠢᠯᠢᠳᠡᠭᠵᠢᠬᠦᠯᠤᠨ᠂ ︽ᠰᠢᠨ᠎ᠠ ᠡᠨᠧᠷᠬᠢ +︾ ᠠᠵᠢᠯᠯᠠᠭ᠎ᠠ ᠶᠢ ᠶᠡᠬᠡᠪᠡᠷ ᠬᠡᠷᠡᠭᠵᠢᠬᠦᠯᠵᠤ᠂ ᠲᠦᠬᠦᠬᠡᠷᠤᠮᠵᠢ ᠤᠶᠢᠯᠡᠤᠨᠬᠡᠯ᠂ ᠤᠳᠤ ᠦᠶ᠎ᠡ ᠶᠢᠨ ᠨᠡᠬᠦᠷᠡᠰᠤ ᠬᠢᠮᠢ ᠶᠢᠨ ᠤᠶᠢᠯᠡᠤᠨᠪᠤᠷᠢ ᠵᠡᠷᠬᠡ ᠠᠵᠤ ᠤᠶᠢᠯᠡᠰ ᠤᠨ ᠬᠦᠭᠵᠢᠯᠳᠠ ᠶᠢᠨ ᠲᠦᠪᠰᠢᠨ ᠢᠶᠠᠨ ᠳᠡᠬᠡᠭᠰᠢᠯᠡᠬᠦᠯᠤᠨ᠂ ᠠᠵᠤ ᠠᠬᠤᠶᠢᠯᠠᠯ ᠢ ᠬᠠᠪᠰᠤᠷᠤᠨ ᠵᠢᠯᠤᠭᠤᠤᠨᠴᠤ ᠦᠪᠡᠷ ᠤᠨ ᠦᠷᠳᠡᠭ ᠢ ᠨᠢ ᠪᠠᠭᠤᠷᠠᠭᠤᠯᠤᠨ ᠦᠷ᠎ᠠ ᠠᠰᠢᠭ ᠢ ᠨᠢ ᠨᠡᠮᠡᠭᠳᠡᠬᠦᠯᠵᠤ᠂ ᠠᠶᠤᠯᠬᠦᠢ ᠤᠶᠢᠯᠡᠤᠨᠪᠤᠷᠢᠯᠡᠯ ᠤᠨ ᠡᠯ᠎ᠡ ᠲᠦᠷᠤᠯ ᠤᠨ ᠠᠵᠢᠯ ᠢ ᠰᠠᠶᠢᠳᠤᠷ ᠬᠢᠬᠦ ᠬᠡᠷᠡᠭᠳᠠᠢ ᠬᠡᠵᠤ ᠵᠠᠬᠢᠭᠰᠡᠨ ᠪᠠᠶᠢᠨ᠎ᠠ᠃
     ᠢᠦᠢ ᠬᠠᠢ ᠢᠦᠢ ᠨᠠᠩᠰᠤ ᠪᠠᠯᠭᠠᠰᠤᠨ ᠤ ᠠᠯᠠᠭᠠᠳᠠᠬᠤ ᠪᠦᠮᠪᠦᠭᠡ ᠶᠢᠨ ᠰᠤᠶᠤᠯ ᠤᠨ ᠦᠵᠡᠬᠦᠯᠤᠯᠬᠡ ᠶᠢᠨ ᠲᠢᠩᠬᠢᠮ᠂ ᠮᠢᠩ ᠤᠨ ᠤᠷᠳᠤ ᠴᠠᠭᠠᠨ ᠬᠡᠷᠡᠮ᠂ ᠦᠪᠤᠷ ᠮᠤᠩᠭᠤᠯ ᠤᠨ ᠪᠤᠷᠤᠪᠠᠯᠭᠠᠰᠤ ᠶᠢᠨ ᠺᠠᠳ᠋ᠷᠴᠤᠤᠨ ᠤᠨ ᠳᠡᠬᠡᠳᠤ ᠰᠤᠷᠭᠠᠭᠤᠯᠢ ᠳᠤ ᠰᠤᠶᠤᠯ ᠳᠠᠮᠢᠷ ᠵᠢᠭᠤᠯᠴᠢᠯᠠᠯ ᠤᠨ ᠠᠭᠤᠰᠤᠩᠭᠤᠢ ᠬᠦᠭᠵᠢᠯᠳᠠ ᠪᠠ ᠰᠤᠶᠤᠯ ᠤᠨ ᠦᠪ ᠤᠨ ᠬᠠᠮᠠᠭᠠᠯᠠᠯᠳᠠ ᠤᠯᠠᠮᠵᠢᠯᠠᠯ ᠵᠡᠷᠬᠡ ᠪᠠᠶᠢᠳᠠᠯ ᠤᠨ ᠳᠠᠨᠢᠯᠴᠠᠭᠤᠯᠭ᠎ᠠ ᠶᠢ ᠬᠢᠨᠠᠮᠠᠭᠠᠢ ᠰᠤᠨᠤᠰᠪᠠ᠃ ᠳᠠᠷᠠ᠂ ᠬᠤᠪᠢᠰᠬᠠᠯᠳᠤ ᠰᠤᠶᠤᠯ᠂ ᠬᠠᠳᠤᠨ ᠭᠤᠤᠯ ᠤᠨ ᠰᠤᠶᠤᠯ᠂ ᠮᠢᠩ ᠤᠨ ᠤᠷᠳᠤ ᠴᠠᠭᠠᠨ ᠬᠡᠷᠡᠮ ᠤᠨ ᠰᠤᠶᠤᠯ ᠵᠡᠷᠬᠡ ᠰᠢᠯᠢᠳᠡᠭ ᠰᠤᠶᠤᠯ ᠢ ᠬᠦᠨᠵᠡᠬᠡᠢ ᠠᠭᠤᠳᠠᠯᠤᠨ ᠶᠡᠬᠡᠪᠡᠷ ᠪᠠᠳᠠᠷᠠᠭᠤᠯᠵᠤ᠂ ᠳᠡᠤᠬᠡ ᠶᠢᠨ ᠳᠤᠷᠠᠰᠬᠠᠯᠳᠤ ᠵᠦᠢᠯᠡᠰ ᠤᠨ ᠬᠠᠮᠠᠭᠠᠯᠠᠯᠳᠠ ᠠᠰᠢᠭᠯᠠᠯᠳᠠ ᠪᠠᠨ ᠴᠢᠩᠭᠠᠤᠨᠬᠠᠨ᠂ ︽ᠰᠤᠶᠤᠯ ᠵᠢᠭᠤᠯᠴᠢᠯᠠᠯ + ᠤᠷᠤᠯᠳᠤᠭᠠᠨ ᠤ ᠶᠠᠪᠤᠳᠠᠯ︾ ᠵᠡᠷᠬᠡ ᠰᠢᠨ᠎ᠠ ᠡᠵᠡᠩᠨᠡᠯᠳᠠ ᠶᠢᠨ ᠬᠡᠯᠪᠡᠷᠢ ᠪᠠᠨ ᠪᠠᠶᠠᠯᠢᠭᠵᠢᠭᠤᠯᠵᠤ᠂ ᠳᠠᠳᠠᠬᠤ ᠬᠦᠴᠤᠨ ᠢᠶᠠᠷ ᠴᠢᠩᠭ᠎ᠠ ᠵᠢᠭᠤᠯᠴᠢᠯᠠᠯ ᠤᠨ ᠬᠠᠷᠠᠯᠳᠠᠳᠤ ᠭᠠᠵᠠᠷ ᠢ ᠴᠤᠭᠴᠠᠯᠠᠬᠤ ᠬᠡᠷᠡᠭᠳᠠᠢ ᠬᠡᠪᠡ᠃
5.png
     ᠪᠠᠶᠢᠴᠠᠭᠠᠨ ᠰᠤᠳᠤᠯᠤᠯᠳᠠ ᠶᠢᠨ ᠬᠤᠭᠤᠴᠠᠭᠠᠨ ᠳᠤ᠂ ᠢᠦᠢ ᠬᠠᠢ ᠢᠦᠢ ᠪᠠᠰᠠ ᠳᠠᠰᠢᠷᠠᠮ ᠢᠶᠠᠷ ᠡᠷᠤᠬᠡ ᠳᠤ ᠬᠦᠨᠵᠡᠬᠡᠶᠢᠷᠡᠨ᠂ ᠠᠷᠠᠤᠨ ᠤᠯᠠᠨ ᠤ ᠠᠵᠢᠯ ᠤᠯᠤᠯᠳᠠ ᠤᠷᠤᠯᠭ᠎ᠠ ᠶᠢᠨ ᠨᠡᠮᠡᠭᠳᠡᠯ᠂ ᠠᠮᠢᠳᠤᠷᠠᠯ ᠤᠨ ᠪᠠᠳᠤᠯᠠᠭ᠎ᠠ ᠵᠡᠷᠬᠡ ᠪᠠᠶᠢᠳᠠᠯ ᠢ ᠤᠶᠢᠯᠠᠭᠠᠪᠠ᠃     ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠭᠤᠣ ᠸᠧᠨ ᠾᠧ ᠦᠪᠤᠷ ᠮᠤᠩᠭᠤᠯ ᠤᠨ ᠪᠤᠷᠤᠪᠠᠯᠭᠠᠰᠤ ᠶᠢᠨ ᠺᠠᠳ᠋ᠷᠴᠤᠤᠨ ᠤᠨ ᠳᠡᠬᠡᠳᠤ ᠰᠤᠷᠭᠠᠭᠤᠯᠢ ᠶᠢᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ