ᠤᠳᠤᠭ ᠤᠨ ᠡᠮᠤᠨᠡᠳᠤ ᠬᠤᠰᠢᠭᠤ ᠦᠪᠤᠷ ᠮᠤᠩᠭᠤᠯ ᠱᠠᠨᠰᠢ ᠭᠠᠨᠰᠤ ᠨᠢᠩᠰᠢᠶᠠ ︽ᠲᠦᠷᠪᠡᠨ ᠮᠤᠵᠢ ᠤᠷᠤᠨ ᠤ ᠤᠯᠠᠨ ᠰᠢᠶᠠᠨ︾ ᠤ ᠬᠦᠳᠡᠯᠮᠤᠷᠢ ᠬᠦᠴᠤᠨ  ᠤ ᠬᠠᠮᠵᠢᠯᠴᠠᠭ᠎ᠠ  ᠶᠢᠨ ᠬᠦᠨᠵᠡᠬᠡᠶᠢᠷᠡᠬᠦᠯᠤᠯᠳᠠ᠂ ᠴᠢᠳᠠᠪᠤᠷᠢᠳᠠᠨ ᠤ ᠰᠤᠯᠢᠯᠴᠠᠭᠠᠨ ᠤ ᠬᠡᠷ᠎ᠡ ᠳᠤᠭᠳᠠᠬᠤ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2025/5/27
     ᠦᠪᠡᠷᠳᠡᠬᠡᠨ ᠵᠠᠰᠠᠬᠤ ᠤᠷᠤᠨ ᠤ ᠠᠵᠢᠯ ᠤᠯᠭᠤᠯᠳᠠ ᠶᠢ ᠠᠬᠢᠭᠤᠯᠬᠤ ᠠᠵᠢᠯᠯᠠᠭ᠎ᠠ ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ︽ᠤᠷᠤᠨ ᠪᠦᠰᠠ ᠶᠢᠨ ᠬᠠᠮᠳᠤᠷᠠᠯᠴᠠᠭᠠᠨ ᠤ ᠳᠠᠭᠤᠷᠢᠶᠠᠯ ᠤᠷᠤᠨ︾ ᠤ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠬᠤ ᠶᠢᠨ ᠳᠤᠰᠠᠳᠠ᠂ 5 ᠰᠠᠷ᠎ᠠ ᠶᠢᠨ 24 ᠤ ᠡᠳᠤᠷ᠂ ᠦᠪᠤᠷ ᠮᠤᠩᠭᠤᠯ ᠱᠠᠨᠰᠢ ᠭᠠᠨᠰᠤ ᠨᠢᠩᠰᠢᠶᠠ ︽ᠲᠦᠷᠪᠡᠨ ᠮᠤᠵᠢ ᠤᠷᠤᠨ ᠤ ᠤᠯᠠᠨ ᠰᠢᠶᠠᠨ︾ ᠤ ᠬᠦᠳᠡᠯᠮᠤᠷᠢ ᠬᠦᠴᠤᠨ ᠤ ᠬᠠᠮᠵᠢᠯᠴᠠᠭ᠎ᠠ ᠶᠢᠨ ᠬᠦᠨᠵᠡᠬᠡᠶᠢᠷᠡᠬᠦᠯᠤᠯᠳᠠ᠂ ᠴᠢᠳᠠᠪᠤᠷᠢᠳᠠᠨ ᠤ ᠰᠤᠯᠢᠯᠴᠠᠭᠠᠨ ᠤ ᠬᠡᠷ᠎ᠡ ᠳᠤᠭᠳᠠᠬᠤ ᠶᠤᠰᠤᠯᠠᠯ ᠤᠳᠤᠭ ᠤᠨ ᠡᠮᠤᠨᠡᠳᠤ ᠬᠤᠰᠢᠭᠤᠨ ᠳᠤ ᠶᠠᠪᠤᠭᠳᠠᠪᠠ᠃ ᠤᠳᠤᠭ ᠤᠨ ᠡᠮᠤᠨᠡᠳᠤ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ᠂ ᠱᠠᠩᠬᠠᠢ ᠶᠢᠨ ᠰᠦᠮ᠎ᠠ ᠠᠵᠤ ᠠᠬᠤᠢ ᠶᠢᠨ ᠨᠡᠬᠡᠬᠡᠯᠳᠠ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠶᠤᠰᠤᠯᠠᠯ ᠳᠤ ᠤᠷᠤᠯᠴᠠᠨ ᠶᠠᠷᠢᠶ᠎ᠠ ᠳᠠᠯᠪᠢᠪᠠ᠃     ᠶᠠᠩ ᠶᠢᠩ ᠰᠢᠨ ᠠᠴᠠ ᠲᠦᠷᠪᠡᠨ ᠮᠤᠵᠢ ᠤᠷᠤᠨ ᠤ ᠤᠯᠠᠨ ᠰᠢᠶᠠᠨ ᠤ ᠤᠳᠤᠷᠢᠳᠤᠯᠭ᠎ᠠ᠂ ᠵᠤᠴᠢᠤᠨ᠂ ᠨᠡᠶᠢᠬᠡᠮ ᠤᠨ ᠡᠯ᠎ᠡ ᠡᠳᠡᠬᠡᠤᠨ᠂ ᠨᠤᠳᠤᠭ ᠤᠨ ᠡᠷᠳᠡᠮᠳᠠᠨ ᠰᠦᠯᠵᠢᠶᠡᠨ ᠤᠳᠤᠤᠨ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠪᠠᠨ ᠢᠯᠡᠤᠨᠬᠡᠪᠡ᠃ ᠳᠠᠷᠠ᠂ ᠦᠪᠤᠷ ᠮᠤᠩᠭᠤᠯ ᠱᠠᠨᠰᠢ ᠭᠠᠨᠰᠤ ᠨᠢᠩᠰᠢᠶᠠ ᠲᠦᠷᠪᠡᠨ ᠮᠤᠵᠢ ᠤᠷᠤᠨ ᠠᠭᠤᠯᠠ ᠤᠰᠤ ᠪᠠᠷ ᠢᠶᠠᠨ ᠵᠠᠯᠭᠠᠯᠳᠤᠨ ᠬᠦᠮᠤᠨ ᠠᠷᠠᠤᠨ ᠨᠢ ᠬᠠᠷᠢᠯᠴᠠᠨ ᠳᠤᠳᠤᠨᠤᠰᠤᠭ ᠰᠤᠶᠤᠯ ᠨᠢ ᠬᠠᠷᠢᠯᠴᠠᠨ ᠨᠡᠪᠳᠡᠷᠡᠯᠴᠠᠵᠤ᠂ 2023 ᠤᠨ ᠠᠴᠠ ᠮᠤᠵᠢ ᠤᠷᠤᠨ ᠠᠯᠤᠰᠯᠠᠨ ᠬᠦᠳᠡᠯᠮᠤᠷᠢ ᠬᠦᠴᠤᠨ ᠤ ᠬᠠᠮᠵᠢᠯᠴᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠤᠳᠤᠭ ᠤᠨ ᠡᠮᠤᠨᠡᠳᠤ ᠬᠤᠰᠢᠭᠤᠨ ᠤ ᠭᠤᠱᠤᠭᠤᠨ ᠱᠦᠯᠤ ᠬᠢᠭᠴᠢ᠂ ᠶᠡᠭᠡ ᠮᠠᠰᠢᠩ ᠤᠨ ᠪᠤᠭᠤᠷᠰᠤᠭ ᠬᠠᠭᠰᠠᠭᠠᠭᠴᠢ᠂ ᠪᠤᠷᠤ ᠬᠤᠳᠠ ᠶᠢᠨ ᠡᠷᠳᠡᠨ ᠤ ᠰᠢᠶᠠ ᠵᠧᠦ ᠶᠢᠨ ᠰᠠᠬᠢᠭᠴᠢ᠂ ᠱᠠᠨ ᠶᠠᠩ ᠤᠨ ᠪᠠᠷᠢᠯᠭ᠎ᠠ ᠶᠢᠨ ᠮᠡᠷᠬᠡᠵᠢᠯᠳᠠᠨ᠂ ᠬᠤᠸᠠᠨ ᠵᠧᠦ ᠶᠢᠨ ᠮᠠᠯ ᠠᠷᠠᠴᠢᠯᠠᠭᠴᠢ᠂ ᠫᠢᠩ ᠯᠥᠸᠧ ᠶᠢᠨ ᠡᠬᠦᠯᠳᠡᠷ ᠪᠤᠶᠢᠵᠢᠭᠤᠯᠤᠭᠴᠢ᠂ ᠴᠢᠩ ᠲᠥᠩ ᠰᠢᠶᠠ ᠶᠢᠨ ᠴᠡᠴᠡᠷᠯᠢᠭᠵᠢᠬᠦᠯᠬᠡ ᠶᠢᠨ ᠮᠡᠷᠬᠡᠵᠢᠯᠳᠠᠨ᠂ ᠳᠡᠷᠬᠡ ᠰᠢᠶᠠᠨ ᠤ ᠳᠠᠩᠭᠤᠤᠨ ᠬᠤᠨᠢᠨ ᠤ ᠠᠵᠤ ᠤᠶᠢᠯᠡᠰ ᠤᠨ ᠠᠵᠢᠯᠳᠠᠨ᠂ ᠲᠥᠩ ᠰᠢᠨ ᠤ ᠠᠷᠠᠯᠵᠢᠶ᠎ᠠ ᠬᠤᠳᠠᠯᠳᠤᠭᠠᠨ ᠤ ᠲᠦᠯᠤᠬᠡᠯᠡᠭᠴᠢ ᠵᠡᠷᠬᠡ ᠨᠢᠬᠡ ᠪᠦᠯᠦᠭ ᠨᠡᠷᠡᠳᠤ ᠬᠦᠳᠡᠯᠮᠤᠷᠢ ᠬᠦᠴᠤᠨ ᠤ ᠨᠡᠷᠡᠳᠤ ᠳᠡᠮᠳᠡᠭ ᠢ ᠨᠢᠬᠡᠨᠳᠠ ᠪᠤᠶᠢᠵᠢᠭᠤᠯᠵᠤ᠂ ᠬᠦᠳᠡᠯᠮᠤᠷᠢ ᠬᠦᠴᠤᠨ ᠤ ᠡᠬᠢ ᠪᠠᠶᠠᠯᠢᠭ ᠤᠨ ︽ᠳ᠋ᠠᠩ ᠭᠠᠭᠴᠠ ᠵᠠᠯᠭᠠᠯᠳᠤᠯ︾ ᠠᠴᠠ ︽ᠪᠦᠬᠦ ᠴᠠᠷᠠᠭᠠᠨ ᠤ ᠬᠤᠯᠪᠤᠭᠠᠯᠠᠯ︾ ᠳᠡᠶᠢᠰᠢᠬᠢ ᠳᠡᠰ ᠳᠡᠪᠰᠢᠯᠳᠠ ᠶᠢ ᠪᠡᠶᠡᠯᠡᠬᠦᠯᠪᠡ᠃ ᠳᠠᠷᠠᠭᠠᠴᠢ ᠶᠢᠨ ᠠᠯᠬᠤᠮ ᠳᠤ᠂ ᠤᠳᠤᠭ ᠤᠨ ᠡᠮᠤᠨᠡᠳᠤ ᠬᠤᠰᠢᠭᠤ ︽ᠲᠦᠷᠪᠡᠨ ᠮᠤᠵᠢ ᠤᠷᠤᠨ ᠤ ᠤᠯᠠᠨ ᠰᠢᠶᠠᠨ︾ ᠤ ᠴᠢᠳᠠᠪᠤᠷᠢᠳᠠᠨ ᠤ ᠬᠠᠮᠳᠤᠷᠠᠯᠴᠠᠭᠠᠨ ᠤ ᠤᠶᠢᠯᠡᠴᠢᠯᠡᠬᠡᠨ ᠤ ᠲᠦᠪ ᠪᠠ ᠤᠷᠤᠨ ᠪᠦᠰᠠ ᠠᠯᠤᠰᠯᠠᠭᠰᠡᠨ ᠴᠢᠳᠠᠪᠤᠷᠢᠳᠠᠨ ᠤ ᠦᠷᠳᠡᠭᠡ ᠶᠢ ᠪᠠᠶᠢᠭᠤᠯᠤᠨ᠂ ᠲᠦᠷᠤ ᠶᠢᠨ ᠪᠤᠳᠤᠯᠭ᠎ᠠ ᠶᠢᠨ ᠯᠠᠪᠯᠠᠯᠳᠠ᠂ ᠮᠡᠷᠬᠡᠵᠢᠯ  ᠤᠨ ᠪᠤᠯᠪᠠᠰᠤᠷᠠᠯ ᠵᠡᠷᠬᠡ ᠨᠢᠬᠡ ᠦᠷᠳᠡᠬᠡᠳᠤ ᠤᠶᠢᠯᠡᠴᠢᠯᠡᠭᠡ ᠬᠠᠩᠭᠠᠵᠤ᠂ ᠬᠦᠳᠡᠯᠮᠤᠷᠢ ᠬᠦᠴᠤᠨ ᠤ ᠬᠠᠮᠳᠤᠷᠠᠯᠴᠠᠭ᠎ᠠ ᠶᠢᠨ ᠪᠦᠳᠤᠮᠵᠢ ᠶᠢᠨ ᠳᠡᠬᠡᠭᠰᠢᠯᠡᠯᠳᠠ ᠪᠠ ᠴᠢᠳᠠᠪᠤᠷᠢᠳᠠᠨ ᠤ ᠰᠤᠯᠢᠯᠴᠠᠭ᠎ᠠ ᠶᠢᠨ ᠰᠢᠨᠡᠴᠢᠯᠡᠯᠳᠠ ᠶᠢ ᠠᠬᠢᠭᠤᠯᠤᠨ᠂ ᠤᠷᠤᠨ ᠪᠦᠰᠠ ᠶᠢᠨ ᠵᠤᠬᠢᠴᠠᠩᠭᠤᠢ ᠬᠦᠭᠵᠢᠯᠳᠠ ᠪᠠ ᠬᠠᠮᠳᠤ ᠪᠠᠷ ᠴᠢᠨᠠᠬᠡᠯᠢᠭᠵᠢᠬᠦ ᠶᠢ ᠬᠠᠮᠳᠤ ᠪᠠᠷ ᠠᠬᠢᠭᠤᠯᠤᠨ᠎ᠠ ᠬᠡᠪᠡ᠃     ᠳᠠᠷᠠᠭ᠎ᠠ ᠪᠠᠷ ᠨᠢ᠂ ᠲᠦᠷᠪᠡᠨ ᠮᠤᠵᠢ ᠤᠷᠤᠨ ᠤ ᠬᠤᠷᠠᠯ ᠳᠤ ᠤᠷᠤᠯᠴᠠᠭᠰᠡᠨ ᠲᠦᠯᠤᠬᠡᠯᠡᠭᠴᠢᠤᠨ ᠬᠠᠮᠳᠤ ᠪᠠᠷ ︽ᠦᠪᠤᠷ ᠮᠤᠩᠭᠤᠯ ᠱᠠᠨᠰᠢ ᠭᠠᠨᠰᠤ ᠨᠢᠩᠰᠢᠶᠠ ︿ᠲᠦᠷᠪᠡᠨ ᠮᠤᠵᠢ ᠤᠷᠤᠨ ᠤ ᠤᠯᠠᠨ ᠰᠢᠶᠠᠨ︾ ᠤ ᠰᠢᠶᠠᠨ ᠤ ᠬᠡᠪᠴᠢᠶᠠᠨ ᠤ ᠬᠦᠳᠡᠯᠮᠤᠷᠢ ᠬᠦᠴᠤᠨ ᠤ ᠬᠠᠮᠳᠤᠷᠠᠯᠴᠠᠭ᠎ᠠ ᠶᠢᠨ ᠬᠦᠨᠵᠡᠬᠡᠶᠢᠷᠡᠬᠦᠯᠤᠯᠳᠠ᠂ ᠴᠢᠳᠠᠪᠤᠷᠢᠳᠠᠨ ᠤ ᠰᠤᠯᠢᠯᠴᠠᠭᠠᠨ ᠤ ᠬᠠᠮᠳᠤᠷᠠᠯᠴᠠᠭ᠎ᠠ ᠶᠢᠨ ᠬᠡᠯᠡᠯᠴᠡᠬᠡᠷ︾ ᠲᠤ ᠭᠠᠷ ᠤᠨ ᠦᠰᠦᠭ ᠵᠢᠷᠤᠬᠤ ᠶᠢᠨ ᠬᠠᠮᠳᠤ ᠬᠦᠳᠡᠯᠮᠤᠷᠢ ᠬᠦᠴᠤᠨ ᠤ ᠬᠠᠮᠳᠤᠷᠠᠯᠴᠠᠭ᠎ᠠ ᠴᠢᠳᠠᠪᠤᠷᠢᠳᠠᠨ ᠤ ᠰᠤᠯᠢᠯᠴᠠᠭ᠎ᠠ ᠬᠠᠮᠵᠢᠯᠴᠠᠭ᠎ᠠ ᠶᠢᠨ ᠪᠦᠷᠢᠯᠳᠤᠬᠦᠨ ᠨᠢᠬᠡᠴᠠ ᠶᠢᠨ ᠫᠠᠶᠢᠰᠠ ᠰᠡᠬᠦᠬᠦ ᠶᠤᠰᠤᠯᠠᠯ ᠶᠠᠪᠤᠭᠤᠯᠪᠠ᠃     ᠬᠤᠰᠢᠭᠤ ᠤᠳᠤᠷᠢᠳᠤᠯᠭ᠎ᠠ ᠹᠦ᠋ ᠺᠧ᠂ ᠱᠠᠨᠰᠢ ᠶᠢᠨ ᠶᠡᠭᠡ ᠮᠠᠰᠢᠩ ᠰᠢᠶᠠᠨ᠂ ᠪᠤᠷᠤ ᠬᠤᠳᠠ ᠰᠢᠶᠠᠨ᠂ ᠱᠠᠨ ᠶᠠᠩ ᠰᠢᠶᠠᠨ᠂ ᠭᠠᠨᠰᠤ ᠶᠢᠨ ᠬᠤᠸᠠᠨ ᠰᠢᠶᠠᠨ᠂ ᠨᠢᠩᠰᠢᠶᠠ ᠶᠢᠨ ᠫᠢᠩ ᠯᠥᠸᠧ ᠰᠢᠶᠠᠨ᠂ ᠴᠢᠩ ᠲᠥᠩ ᠰᠢᠶᠠ ᠬᠤᠳᠠ᠂ ᠳᠡᠷᠬᠡ ᠰᠢᠶᠠᠨ᠂ ᠲᠥᠩ ᠰᠢᠨ ᠰᠢᠶᠠᠨ ᠤ ᠬᠠᠮᠢᠶ᠎ᠠ ᠪᠦᠬᠦᠢ ᠰᠢᠶᠠᠨ ᠤ ᠳᠡᠰ ᠤᠨ ᠤᠳᠤᠷᠢᠳᠤᠯᠭ᠎ᠠ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ