ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 8 ᠣᠳᠠᠭᠠᠨ ᠤ ᠨᠠᠮ ᠤᠨ ᠣᠳᠣᠷᠢᠳᠬᠤ ᠳᠣᠭᠤᠶᠢᠯᠠᠩ ᠤᠨ ︵ᠦᠷᠬᠡᠳᠬᠡᠭᠰᠡᠨ︶ ᠬᠤᠷᠠᠯ ᠵᠢᠴᠢ ᠠᠵᠤ ᠠᠬᠤᠢ ᠶᠢᠨ ᠡᠷᠬᠢᠯᠲᠡ᠂ ᠠᠶᠤᠯᠬᠦᠢ ᠦᠢᠯᠡᠳᠪᠦᠷᠢᠯᠡᠯ᠂ ᠵᠠᠬᠢᠳᠠᠯ ᠰᠣᠷᠪᠣᠯᠵᠢᠯᠠᠭ᠎ᠠ ᠠᠮᠣᠷ ᠲᠤᠭᠲᠠᠭᠤᠨ ᠤ ᠬᠠᠮᠠᠭᠠᠯᠠᠯᠲᠠ᠂ ᠬᠠᠣᠯᠢ  ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠠᠷᠠᠳ ᠤᠨ ᠵᠠᠰᠠᠭ ᠤᠨ ᠣᠷᠳᠣᠨ ᠤ 2025 ᠣᠨ ᠤ 8 ᠣᠳᠠᠭᠠᠨ ᠤ ᠨᠠᠮ ᠤᠨ ᠣᠳᠣᠷᠢᠳᠬᠤ ᠳᠣᠭᠤᠶᠢᠯᠠᠩ ᠤᠨ ︵ᠦᠷᠬᠡᠳᠬᠡᠭᠰᠡᠨ︶ ᠬᠤᠷᠠᠯ ᠵᠢᠴᠢ ᠠᠵᠤ ᠠᠬᠤᠢ ᠶᠢᠨ ᠡᠷᠬᠢᠯᠲᠡ᠂ ᠠᠶᠤᠯᠬᠦᠢ ᠦᠢᠯᠡᠳᠪᠦᠷᠢᠯᠡᠯ᠂ ᠵᠠᠬᠢᠳᠠᠯ ᠰᠣᠷᠪᠣᠯᠵᠢᠯᠠᠭ᠎ᠠ ᠠᠮᠣᠷ ᠲᠤᠭᠲᠠᠭᠤᠨ ᠤ ᠬᠠᠮᠠᠭᠠᠯᠠᠯᠲᠠ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠤᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠴᠢᠨ ᠲᠠᠪᠤᠳᠡᠬᠢ ᠪᠦᠬᠦ ᠣᠯᠣᠰ ᠤᠨ ᠵᠡᠮᠳᠡᠭᠴᠣᠳ ᠢ ᠲᠤᠰᠠᠯᠠᠬᠤ ᠡᠳᠦᠷ ᠬᠦᠷᠴᠦ ᠢᠷᠡᠬᠦ ᠳᠠᠰᠢᠷᠠᠮ  ᠢᠶᠠᠷ  ᠬᠢᠭᠰᠡᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠵᠡᠮᠳᠡᠭᠴᠣᠳ  ᠤᠨ ᠨᠡᠶᠢᠬᠡᠮ ᠤᠨ ᠪᠠᠲᠤᠯᠠᠭ᠎ᠠ ᠪᠠ ᠬᠠᠯᠠᠮᠵᠢᠯᠠᠯ ᠤᠨ ᠦᠢᠯᠡᠴᠢᠯᠡᠬᠡᠨ ᠤ ᠶᠠᠰᠣ ᠴᠢᠨᠠᠷ ᠢ ᠦᠷᠬᠦᠯᠵᠢᠯᠡᠨ ᠴᠢᠩᠭᠠᠳᠬᠠᠵᠤ᠂ ᠰᠠᠭᠠᠳ ᠦᠬᠡᠢ ᠰᠠᠭᠤᠷᠢ ᠳᠦᠬᠦᠬᠡᠷᠦᠮᠵᠢ  ᠶᠢᠨ ᠪᠠᠶᠢᠭᠤᠯᠤᠯᠲᠠ ᠶᠢ ᠲᠡᠬᠦᠯᠳᠡᠷᠵᠢᠬᠦᠯᠦᠨ᠂ ᠵᠡᠮᠳᠡᠭᠴᠣᠳ ᠢ ᠬᠠᠪᠰᠣᠷᠣᠨ ᠳᠡᠳᠬᠦᠬᠦ ᠪᠤᠯᠪᠠᠰᠣᠨ ᠦᠢᠯᠡᠳᠦᠯᠬᠡ ᠶᠢ ᠢᠳᠡᠪᠬᠢᠲᠡᠢ ᠪᠠᠷ ᠦᠷᠨᠢᠬᠦᠯᠬᠦ ᠬᠡᠷᠡᠭᠲᠡᠢ᠃ ᠬᠤᠰᠢᠭᠤ ᠵᠡᠮᠳᠡᠭᠴᠣᠳ ᠤᠨ ᠬᠤᠯᠪᠤᠭ᠎ᠠ ᠪᠠ ᠦᠷᠬᠡᠨ ᠣᠯᠠᠨ ᠵᠡᠮᠳᠡᠭᠴᠣᠳ ᠢ ᠲᠤᠰᠠᠯᠠᠬᠤ ᠠᠵᠢᠯᠲᠠᠨ ᠠᠴᠠ ᠦᠢᠯᠡᠴᠢᠯᠡᠬᠡᠨ ᠤ ᠴᠢᠳᠠᠪᠤᠷᠢ ᠪᠠ ᠳᠦᠪᠰᠢᠨ ᠢᠶᠠᠨ ᠲᠠᠰᠣᠷᠠᠯᠲᠠ ᠦᠬᠡᠢ ᠳᠡᠭᠡᠭᠰᠢᠯᠡᠬᠦᠯᠵᠦ᠂ ᠵᠡᠮᠳᠡᠭᠴᠣᠳ ᠲᠤ ᠰᠠᠶᠢᠨ ᠠᠵᠢᠯ ᠪᠤᠲᠠᠲᠤ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠬᠦ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠵᠦ ᠪᠦᠷᠢᠯᠬᠡᠨ ᠰᠦᠢᠳᠬᠡᠬᠦ ᠶᠢ ᠡᠰᠡᠷᠬᠦᠴᠡᠬᠦ ᠳᠦᠷᠢᠮ︾ ᠤᠨ ᠵᠤᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠪᠠ᠃ ᠬᠤᠷᠠᠯ ᠠᠴᠠ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠱᠣᠭᠤᠵᠣ᠂ ︽ᠳᠦᠷᠢᠮ︾ ᠤᠨ ᠰᠣᠷᠣᠯᠴᠠᠯᠭ᠎ᠠ ᠣᠬᠠᠭᠤᠯᠭ᠎ᠠ ᠲᠤᠤᠱᠯᠠᠭᠤᠯᠤᠯᠲᠠ ᠶᠢ ᠬᠢᠨᠠᠮᠠᠭᠠᠢ ᠰᠠᠶᠢᠲᠤᠷ ᠬᠢᠨ᠂ ᠵᠠᠰᠠᠭ ᠤᠨ ᠣᠷᠳᠣᠨ ᠤ ᠬᠤᠳᠠᠯᠳᠣᠨ ᠠᠪᠤᠯᠲᠠ᠂ ᠠᠯᠪᠠᠨ ᠠᠵᠢᠯᠯᠠᠭ᠎ᠠ᠂ ᠠᠯᠪᠠᠨ ᠳᠤ ᠬᠡᠷᠡᠭᠯᠡᠬᠦ ᠲᠡᠷᠬᠡ᠂ ᠬᠤᠷᠠᠯ ᠤᠨ ᠠᠵᠢᠯᠯᠠᠭ᠎ᠠ᠂ ᠠᠯᠪᠠᠨ ᠳᠤ ᠬᠡᠷᠡᠭᠯᠡᠬᠦ ᠬᠡᠷ ᠵᠡᠷᠭᠡ ᠳᠦᠷᠢᠮ ᠲᠤᠭᠲᠠᠭᠠᠯ ᠢ ᠴᠢᠩᠭ᠎ᠠ ᠨᠠᠶᠢᠲᠠᠪᠤᠷᠢᠵᠢᠭᠤᠯᠵᠤ᠂ ᠴᠢᠩᠭ᠎ᠠ ᠳᠦᠬᠦᠮ ᠢᠶᠠᠷ ᠠᠷᠪᠢᠯᠠᠵᠤ ᠭᠠᠮᠨᠠᠨ᠂ ᠬᠢᠵᠠᠭᠠᠷᠯᠠᠯ ᠢ ᠴᠢᠩᠭᠠᠳᠬᠠᠨ ᠵᠠᠷᠤᠯᠭ᠎ᠠ ᠶᠢ ᠴᠢᠩᠭ᠎ᠠ ᠬᠢᠵᠠᠭᠠᠷᠯᠠᠵᠣ᠂ ᠪᠦᠷᠢᠯᠬᠡᠨ ᠰᠦᠢᠳᠬᠡᠬᠦ ᠶᠢ ᠡᠰᠡᠷᠬᠦᠴᠡᠬᠦ ᠳᠦᠷᠢᠮ ᠤᠨ ᠪᠠᠬᠢᠯᠡᠯᠲᠡ ᠶᠢ ᠲᠠᠰᠣᠷᠠᠯᠲᠠ ᠦᠬᠡᠢ ᠪᠠᠬᠢᠵᠢᠬᠦᠯᠦᠨ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠦᠩᠭᠦ ᠶᠢ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠡᠷᠡᠭᠯᠡᠬᠦ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠬᠤᠲᠠ ᠶᠢᠨ 1 — 4 ᠰᠠᠷ᠎ᠠ ᠶᠢᠨ ᠴᠢᠬᠤᠯᠠ ᠲᠦᠷᠦᠯ ᠵᠦᠢᠯ ᠤᠨ ᠪᠠᠶᠢᠭᠤᠯᠤᠯᠲᠠ᠂ ᠠᠵᠤ ᠠᠬᠤᠢ ᠶᠢᠨ ᠡᠷᠬᠢᠯᠲᠡ ᠵᠢᠴᠢ ᠠᠶᠤᠯᠬᠦᠢ ᠦᠢᠯᠡᠳᠪᠦᠷᠢᠯᠡᠯ ᠤᠨ ᠠᠵᠢᠯ ᠤᠨ ᠠᠬᠢᠭᠤᠯᠤᠯᠲᠠ ᠶᠢᠨ ᠬᠤᠷᠠᠯ ᠤᠨ ᠵᠤᠷᠢᠭ ᠰᠠᠨᠠᠭ᠎ᠠ᠂ ᠢᠦᠢ ᠬᠠᠢ ᠢᠦᠢ ᠶᠢᠨ ᠪᠠᠶᠢᠴᠠᠭᠠᠨ ᠰᠣᠳᠣᠯᠣᠯᠲᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠤ᠂ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠲᠡ᠂ ᠠᠶᠤᠯᠬᠦᠢ ᠦᠢᠯᠡᠳᠪᠦᠷᠢᠯᠡᠯ᠂ ᠴᠢᠬᠤᠯᠠ ᠲᠦᠷᠦᠯ ᠵᠦᠢᠯ  ᠤᠨ ᠪᠠᠶᠢᠭᠤᠯᠤᠯᠲᠠ᠂ ᠭᠤᠤᠯᠳᠠᠯᠭᠠᠲᠤ ᠠᠵᠢᠯ ᠤᠨ ᠪᠠᠶᠢᠳᠠᠯ ᠢ ᠰᠣᠨᠣᠰᠬᠤ ᠶᠢᠨ ᠬᠠᠮᠲᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠠᠵᠢᠯ ᠤᠨ ᠪᠠᠶᠢᠳᠠᠯ ᠢᠶᠠᠨ ᠲᠤᠲᠤᠷᠬᠠᠢ ᠲᠠᠨᠢᠵᠦ ᠠᠰᠠᠭᠤᠳᠠᠯ ᠢ ᠪᠠᠷᠢᠮᠲᠠᠯᠠᠨ᠂ ᠬᠤᠷᠢᠭ᠎ᠠ ᠱᠣᠭᠤᠮ ᠤᠨ ᠣᠬᠠᠮᠰᠠᠷ ᠢᠶᠠᠨ ᠪᠠᠲᠤᠳᠬᠠᠵᠤ᠂ ᠰᠢᠢᠳᠪᠦᠷᠢᠯᠡᠬᠦ ᠰᠡᠳᠬᠢᠬᠦᠢ ᠶᠢ ᠴᠢᠩᠭᠠᠳᠬᠠᠨ᠂ ᠪᠦᠬᠦ ᠬᠦᠴᠦᠨ ᠢᠶᠠᠷ ᠬᠦᠴᠢᠷ ᠪᠡᠷᠭᠡ ᠶᠢ ᠢᠯᠠᠨ ᠳᠠᠪᠠᠵᠤ᠂ ᠰᠠᠷ᠎ᠠ ᠪᠠᠷ ᠣᠯᠠᠷᠢᠯ ᠢ ᠪᠠᠲᠤᠯᠠᠨ᠂ ︽ᠬᠤᠤᠰ ᠠᠬᠢᠴᠠ︾ ᠶᠢ ᠴᠢᠷᠮᠠᠶᠢᠨ ᠪᠡᠶᠡᠯᠡᠬᠦᠯᠬᠦ ᠬᠡᠷᠡᠭᠲᠡᠢ᠃ ᠬᠠᠷᠠᠯᠲᠠ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠦ᠂ ᠲᠦᠷᠦ ᠶᠢᠨ ᠶᠠᠪᠤᠳᠠᠯ ᠤᠨ ᠣᠷᠣᠨᠵᠢᠭᠤᠯᠣᠯᠲᠠ ᠶᠢ ᠴᠢᠩᠭᠠᠳᠬᠠᠨ᠂ ︽ᠵᠢᠷᠭᠤᠭᠠᠨ ᠠᠵᠢᠯᠯᠠᠭ᠎ᠠ︾ ᠶᠢᠨ ᠨᠠᠶᠢᠲᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠪᠠᠷ ᠠᠬᠢᠭᠤᠯᠵᠤ᠂ ᠦᠢᠯᠡᠳᠪᠦᠷᠢᠯᠡᠯ᠂ ᠠᠵᠢᠯ ᠲᠦᠷᠦᠯ ᠢ ᠪᠦᠬᠦ ᠬᠦᠴᠦᠨ ᠢᠶᠠᠷ ᠲᠤᠭᠲᠠᠪᠤᠷᠢᠵᠢᠭᠤᠯᠤᠨ᠂ ᠬᠡᠷᠡᠭᠯᠡᠭᠡ ᠶᠢ ᠠᠬᠢᠭᠤᠯᠵᠤ᠂ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠡᠯ᠎ᠡ ᠭᠠᠵᠠᠷ ᠣᠷᠣᠨ ᠤ ᠠᠶᠤᠯᠬᠦᠢ ᠦᠢᠯᠡᠳᠪᠦᠷᠢᠯᠡᠯ ᠤᠨ ᠠᠳᠡᠯ ᠤᠨ ᠰᠣᠷᠭᠠᠮᠵᠢ ᠶᠢ ᠬᠢᠨᠠᠮᠠᠭᠠᠢ ᠰᠢᠩᠭᠡᠬᠡᠵᠦ ᠠᠪᠤᠨ᠂ ᠭᠠᠯ ᠰᠡᠷᠬᠡᠶᠢᠯᠡᠯᠲᠡ᠂ ᠵᠠᠮ ᠬᠠᠷᠢᠯᠴᠠᠭ᠎ᠠ᠂ ᠨᠡᠬᠦᠷᠡᠰᠦᠨ ᠠᠭᠤᠷᠬᠠᠢ᠂ ᠠᠶᠤᠯᠲᠠᠢ ᠬᠢᠮᠢ ᠶᠢᠨ ᠪᠤᠳᠠᠰ᠂ ᠲᠦᠷᠦᠯ ᠵᠦᠢᠯ ᠤᠨ ᠪᠠᠶᠢᠭᠤᠯᠤᠯᠲᠠ ᠵᠡᠷᠭᠡ ᠴᠠᠷᠠᠭᠠᠨ ᠳᠠᠬᠢ ᠳᠠᠯᠳᠠ ᠬᠡᠮ ᠤᠨ ᠪᠠᠶᠢᠴᠠᠭᠠᠯᠲᠠ ᠪᠠ ᠠᠰᠠᠭᠤᠳᠠᠯ ᠤᠨ ᠴᠡᠭᠴᠡᠯᠡᠯᠲᠡ ᠶᠢ ᠨᠢᠬᠡᠳᠦᠯᠲᠡᠢ ᠲᠦᠯᠦᠪᠵᠢᠬᠦᠯᠵᠦ᠂ ᠨᠡᠶᠢᠬᠡᠮ ᠤᠨ ᠪᠦᠬᠦ ᠲᠠᠯ᠎ᠠ ᠶᠢᠨ ᠠᠮᠣᠷ ᠲᠤᠭᠲᠠᠭᠤᠨ ᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠳᠡᠭᠡᠳᠦ ᠱᠠᠲᠤᠨ ᠤ ᠬᠤᠯᠪᠤᠭᠳᠠᠯ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠣᠯᠠᠮᠵᠢᠯᠠᠵᠤ᠂ ᠪᠦᠬᠦ ᠬᠤᠰᠢᠭᠤᠨ ᠤ ᠠᠮᠢ ᠠᠬᠤᠢ ᠣᠷᠴᠢᠨ ᠬᠠᠮᠠᠭᠠᠯᠠᠯᠲᠠ᠂ ᠵᠠᠬᠢᠳᠠᠯ ᠰᠣᠷᠪᠣᠯᠵᠢᠯᠠᠭ᠎ᠠ ᠠᠮᠣᠷ ᠲᠤᠭᠲᠠᠭᠤᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠣᠨᠣᠰᠬᠤ ᠶᠢᠨ ᠬᠠᠮᠲᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠠᠮᠢ ᠠᠬᠤᠢ ᠣᠷᠴᠢᠨ ᠬᠠᠮᠠᠭᠠᠯᠠᠯᠲᠠ ᠶᠢᠨ ᠴᠠᠷᠠᠭᠠᠨ ᠳᠠᠬᠢ ᠠᠰᠠᠭᠤᠳᠠᠯ ᠤᠨ ᠴᠡᠭᠴᠡᠯᠡᠯᠲᠡ  ᠶᠢ ᠯᠠᠪᠳᠠᠭᠤᠨ ᠪᠠᠲᠤᠲᠠᠢ ᠪᠠᠷ ᠠᠬᠢᠭᠤᠯᠤᠨ᠂ ᠴᠡᠭᠴᠡᠯᠡᠯᠲᠡ ᠶᠢᠨ ᠪᠦᠲᠦᠮᠵᠢ ᠶᠢ ᠪᠠᠬᠢᠵᠢᠬᠦᠯᠵᠦ᠂ ︽ᠲᠠᠪᠲᠠᠨ ᠬᠢᠨᠠᠯᠲᠠ︾ ᠶᠢ ᠲᠠᠰᠣᠷᠠᠯᠲᠠ ᠦᠬᠡᠢ ᠶᠠᠪᠤᠭᠳᠠᠭᠤᠯᠤᠨ᠂ ᠡᠬᠢ ᠡᠬᠦᠰᠦᠯ ᠠᠴᠠ ᠨᠢ ᠵᠠᠰᠠᠬᠤ᠂ ᠰᠢᠰᠲ᠋ᠧᠮᠲᠡᠢ ᠵᠠᠰᠠᠬᠤ ᠶᠢ ᠴᠢᠩᠭᠠᠳᠬᠠᠵᠤ᠂ ᠪᠦᠬᠦ ᠬᠤᠰᠢᠭᠤᠨ ᠤ ᠠᠮᠢ ᠠᠬᠤᠢ ᠣᠷᠴᠢᠨ ᠬᠠᠮᠠᠭᠠᠯᠠᠯᠲᠠ ᠶᠢ ᠦᠷᠬᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠵᠠᠬᠢᠳᠠᠯ ᠰᠣᠷᠪᠣᠯᠵᠢᠯᠠᠭ᠎ᠠ ᠶᠢᠨ ᠵᠦᠷᠢᠴᠡᠯ ᠤᠨ ᠰᠢᠢᠳᠪᠦᠷᠢᠯᠡᠯᠲᠡ ᠶᠢ ᠰᠠᠶᠢᠲᠤᠷ ᠠᠳᠬᠤᠨ᠂ ᠭᠤᠤᠯᠳᠠᠯᠭᠠᠲᠤ ᠴᠠᠷᠠᠭᠠᠨ ᠳᠤ ᠠᠩᠬᠠᠷᠤᠯ ᠢᠶᠠᠨ ᠲᠦᠪᠯᠡᠷᠡᠬᠦᠯᠵᠦ᠂ ᠡᠯ᠎ᠡ ᠱᠠᠲᠤᠨ ᠤ ᠴᠠᠯᠢᠩ ᠦᠷᠢᠳᠦᠬᠦ ᠰᠦᠪᠡᠭᠴᠢ ᠶᠢᠨ ᠳᠠᠪᠴᠠᠩ᠂ ᠰᠦᠯᠵᠢᠶᠡᠨ ᠤ ᠶᠠᠷᠢᠶ᠎ᠠ ᠬᠡᠯᠡᠯᠴᠡᠭᠡ ᠵᠢᠴᠢ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠵᠡᠷᠭᠡ ᠵᠦᠷᠢᠴᠡᠯ ᠵᠢᠭᠤᠷᠠᠭᠠᠨ ᠤ ᠪᠠᠶᠢᠴᠠᠭᠠᠯᠲᠠ ᠶᠢ ᠰᠠᠶᠢᠲᠤᠷ ᠬᠢᠨ᠂ ᠲᠤᠭᠲᠠᠭᠤᠨ ᠪᠤᠰᠣ ᠬᠦᠴᠦᠨ ᠵᠦᠢᠯ᠂ ᠵᠦᠷᠢᠴᠡᠯ᠂ ᠠᠰᠠᠭᠤᠳᠠᠯ ᠢ ᠦᠨᠳᠦᠰᠦᠨ ᠱᠠᠲᠤ ᠡᠬᠢ ᠡᠬᠦᠰᠦᠯ ᠠᠴᠠ ᠨᠢ ᠰᠢᠢᠳᠪᠦᠷᠢᠯᠡᠬᠦ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠬᠤᠰᠢᠭᠤᠨ ᠤ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠬᠦᠯᠦᠯᠲᠡ ᠶᠢ ᠰᠣᠨᠣᠰᠬᠤ  ᠶᠢᠨ ᠬᠠᠮᠲᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠵᠠᠰᠠᠭ ᠤᠨ ᠣᠷᠳᠣᠨ ᠤ ᠠᠵᠢᠯᠯᠠᠭᠠᠨ ᠢ ᠬᠠᠣᠯᠢ ᠪᠠᠷ ᠵᠠᠰᠠᠬᠤ ᠠᠷᠭ᠎ᠠ ᠵᠠᠮ ᠳᠤ ᠪᠦᠬᠦ ᠲᠠᠯ᠎ᠠ ᠪᠠᠷ ᠣᠷᠣᠭᠤᠯᠵᠣ᠂ ᠡᠯ᠎ᠡ ᠱᠠᠲᠤᠨ ᠤ ᠣᠳᠣᠷᠢᠳᠬᠤ ᠺᠠᠳ᠋ᠷᠴᠣᠳ ᠤᠨ ᠬᠠᠣᠯᠢ ᠪᠠᠷ ᠵᠠᠰᠠᠬᠤ ᠣᠬᠠᠮᠰᠠᠷ ᠪᠠ ᠬᠠᠣᠯᠢ ᠪᠠᠷ ᠵᠠᠰᠠᠬᠤ ᠠᠵᠢᠯ ᠤᠨ ᠴᠢᠳᠠᠪᠤᠷᠢ ᠶᠢᠨ ᠳᠦᠪᠰᠢᠨ ᠢ ᠡᠷᠴᠢᠮᠲᠡᠢ ᠳᠡᠭᠡᠭᠰᠢᠯᠡᠬᠦᠯᠦᠨ᠂ ᠬᠠᠣᠯᠢ ᠴᠠᠭᠠᠵᠠ ᠶᠢᠨ ᠪᠠᠶᠢᠭᠤᠯᠭ᠎ᠠ ᠯᠤᠭ᠎ᠠ ᠶᠢᠨ ᠬᠤᠯᠪᠤᠭᠠᠯᠠᠯ ᠳᠠᠶᠢᠴᠢᠯᠠᠯᠲᠠ ᠶᠢᠨ ᠲᠤᠭᠲᠠᠴᠠ ᠶᠢ ᠲᠡᠬᠦᠯᠳᠡᠷᠵᠢᠬᠦᠯᠵᠦ᠂ ᠵᠠᠰᠠᠭ ᠵᠠᠬᠢᠷᠭᠠᠨ ᠤ ᠡᠶᠡᠳᠡᠬᠦᠯᠦᠯᠲᠡ ᠶᠢᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠨ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠡᠬᠦᠷᠭᠡ ᠶᠢ ᠨᠠᠶᠢᠲᠠᠪᠤᠷᠢᠵᠢᠭᠤᠯᠵᠤ᠂ ᠪᠦᠬᠦ ᠬᠤᠲᠠ ᠶᠢᠨ ᠵᠢᠱᠢᠶᠡᠴᠢ ᠴᠤᠭᠴᠠᠯᠠᠯᠲᠠ ᠳᠤ ᠣᠲᠤᠭ ᠤᠨ ᠡᠮᠦᠨᠡᠲᠦ ᠬᠤᠰᠢᠭᠤᠨ ᠤ ᠬᠦᠴᠦᠨ ᠴᠢᠳᠠᠯ ᠢᠶᠠᠨ ᠡᠷᠬᠦᠬᠦ ᠬᠡᠷᠡᠭᠲᠡᠢ᠃ ᠪᠦᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ  ᠤᠨ ︽ᠨᠢᠬᠡᠳᠦᠬᠡᠷ ᠬᠠᠷᠢᠭᠤᠴᠠᠯᠭᠠᠲᠠᠨ︾ ᠠᠴᠠ ︽ᠳᠣᠭᠤᠶᠢᠯᠠᠩ ᠤᠨ ᠳᠠᠷᠤᠭ᠎ᠠ︾ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠬᠦᠯᠦᠨ᠂ ᠠᠵᠢᠯ ᠤᠨ ᠪᠠᠶᠢᠳᠠᠯ ᠢᠶᠠᠨ ᠣᠷᠮᠠᠰᠢᠭᠤᠯᠵᠤ᠂ ᠣᠯᠣᠰ ᠲᠦᠷᠦ ᠶᠢ ᠡᠷᠬᠢᠮᠯᠡᠨ᠂ ᠦᠷ᠎ᠡ ᠠᠰᠢᠭ ᠢ ᠰᠦᠪᠡᠭᠴᠢᠯᠡᠵᠦ᠂ ᠨᠠᠶᠢᠲᠠᠪᠤᠷᠢᠵᠢᠭᠤᠯᠤᠯᠲᠠ ᠶᠢ ᠠᠳᠬᠤᠨ᠂ ᠨᠠᠮ ᠤᠨ ᠬᠡᠰᠢᠬᠦᠨ ᠣᠳᠣᠷᠢᠳᠬᠤ ᠺᠠᠳ᠋ᠷᠴᠣᠳ ᠠᠴᠠ ᠬᠤᠰᠢᠭᠤᠴᠢ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠨᠠᠶᠢᠲᠠᠪᠤᠷᠢᠵᠢᠭᠤᠯᠤᠯᠲᠠ ᠶᠢ ᠠᠬᠢᠭᠤᠯᠤᠨ᠂ ︽ᠳᠦᠷᠪᠡᠨ ᠣᠷᠣᠨ ᠤ ᠪᠠᠶᠢᠭᠤᠯᠤᠯᠲᠠ︾ ᠶᠢᠨ ᠳᠡᠰ ᠳᠡᠪᠰᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠬᠡᠵᠦ ᠴᠢᠬᠤᠯᠠᠴᠢᠯᠠᠪᠠ᠃     ᠬᠤᠰᠢᠭᠤ ᠣᠳᠣᠷᠢᠳᠣᠯᠭ᠎ᠠ ᠴᠢᠦ ᠯᠢᠨ᠂ ᠹᠦ᠋ ᠺᠧ᠂ ᠰᠢᠦᠸᠡᠢ ᠵᠤᠤ ᠰᠢᠩ᠂ ᠶᠢᠦ ᠵᠢᠶᠡᠨ ᠴᠢᠩ᠂ ᠰᠢᠦᠢ ᠬᠤᠤ ᠪᠦᠸᠧ᠂ ᠳ᠋ᠣᠸᠡᠨ ᡁᠢ ᠴᠢᠶᠠᠩ᠂ ᠹᠧᠩ ᠴᠦᠨ ᠬᠤᠸᠠ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠵᠢᠶᠠ ᠰᠢᠶᠠᠩ ᠪᠢᠩ ᠬᠤᠷᠠᠯ ᠳᠤ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ