ᠣᠳᠤᠭ ᠤᠨ ᠡᠮᠦᠨᠡᠳᠦ ᠬᠤᠰᠢᠭᠤ ᠱᠧᠨ᠋ᠵᠧᠨ ᠬᠤᠳᠠ ᠶᠢᠨ ᠵᠦᠩ ᠾᠧ ᠡᠨᠧᠷᠬᠢ ᠬᠠᠳᠠᠭᠠᠯᠠᠬᠤ ᠰᠢᠨᠵᠢᠯᠡᠭᠡ ᠮᠡᠷᠭᠡᠵᠢᠯ ᠤᠨ ᠬᠢᠵᠠᠭᠠᠷᠳᠦ ᠺᠣᠮᠫᠠᠨᠢ ᠯᠤᠭ᠎ᠠ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2025/5/29
     5 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠠᠩ ᠶᠢᠩ ᠰᠢᠨ ᠱᠧᠨ᠋ᠵᠧᠨ ᠬᠤᠳᠠ ᠶᠢᠨ ᠵᠦᠩ ᠾᠧ ᠡᠨᠧᠷᠬᠢ ᠬᠠᠳᠠᠭᠠᠯᠠᠬᠤ ᠰᠢᠨᠵᠢᠯᠡᠭᠡ ᠮᠡᠷᠭᠡᠵᠢᠯ ᠤᠨ ᠬᠢᠵᠠᠭᠠᠷᠳᠦ ᠺᠣᠮᠫᠠᠨᠢ ᠶᠢᠨ ᠶᠡᠷᠦᠩᠬᠡᠢ ᠲᠠᠭᠠᠭᠠᠮᠠᠯ ᠺᠠᠩ ᡁᠢ ᠸᠧᠢ ᠯᠤᠭ᠎ᠠ ᠰᠠᠭᠤᠳᠠᠯ ᠤᠨ ᠬᠤᠷᠠᠯ ᠬᠤᠷᠠᠯᠳᠣᠭᠤᠯᠪᠠ᠃     ᠶᠠᠩ ᠶᠢᠩ ᠰᠢᠨ ᠠᠴᠠ ᠺᠠᠩ ᡁᠢ ᠸᠧᠢ ᠨᠠᠷ ᠤᠨ ᠬᠦᠷᠦᠯᠴᠠᠨ ᠢᠷᠡᠭᠰᠡᠨ ᠳᠤ ᠪᠠᠶᠠᠷᠯᠠᠨ ᠣᠭᠳᠣᠵᠣ ᠪᠠᠶᠢᠭ᠎ᠠ ᠪᠠᠨ ᠢᠯᠡᠷᠭᠡᠶᠢᠯᠡᠪᠡ᠃ ᠲᠡᠷᠡ᠂ ᠣᠳᠤᠭ ᠤᠨ ᠡᠮᠦᠨᠡᠳᠦ ᠬᠤᠰᠢᠭᠤᠨ ᠤ ᠣᠷᠣᠨ ᠤ ᠪᠠᠶᠢᠷᠢᠰᠢᠯ ᠲᠠᠪᠠᠭᠤᠯᠢᠭ᠂ ᠡᠬᠢ ᠪᠠᠶᠠᠯᠢᠭ ᠡᠯᠪᠡᠭ᠂ ᠪᠣᠬᠢᠷᠳᠣᠯ ᠦᠭᠡᠢ ᠴᠠᠬᠢᠯᠭᠠᠨ ᠤ ᠬᠡᠪᠴᠢᠶᠡᠵᠢᠯ ᠲᠠᠢ᠂ ᠡᠨᠧᠷᠬᠢ ᠬᠠᠳᠠᠭᠠᠯᠠᠬᠤ ᠲᠠᠯᠳᠠ ᠬᠦᠴᠦᠨ ᠦᠷᠭᠡᠨ ᠪᠣᠢ᠃ ᠬᠤᠶᠠᠷ ᠲᠠᠯ᠎ᠠ ᠪᠠᠷ ᠢᠶᠠᠨ ᠰᠢᠨ᠎ᠡ ᠬᠡᠯᠪᠡᠷᠢ ᠶᠢᠨ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡᠨ ᠤ ᠪᠠᠶᠢᠭᠤᠯᠣᠯᠳᠠ᠂ ᠪᠣᠬᠢᠷᠳᠣᠯ ᠦᠭᠡᠢ ᠴᠠᠬᠢᠯᠭᠠᠨ ᠰᠢᠩᠭᠡᠭᠡᠭᠦ ᠵᠡᠷᠭᠡ ᠬᠦᠷᠢᠶ᠎ᠡ ᠴᠠᠷᠠᠭᠠᠨ ᠳᠤ ᠭᠦᠨᠵᠡᠭᠡᠢ ᠬᠠᠮᠳᠣᠷᠠᠯᠴᠠᠭ᠎ᠠ ᠦᠷᠨᠢᠭᠦᠯᠬᠦ ᠶᠢ ᠬᠦᠰᠡᠵᠣ ᠪᠠᠶᠢᠨ᠎ᠡ᠃ ᠣᠳᠤᠭ ᠤᠨ ᠡᠮᠦᠨᠡᠳᠦ ᠬᠤᠰᠢᠭᠤ ᠠᠵᠣ ᠠᠬᠤᠶᠢᠯᠠᠯ ᠢ ᠲᠡᠮᠵᠢᠬᠦ ᠠᠵᠢᠯᠯᠠᠭᠠᠨ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠣᠨ᠂ ᠲᠦᠷᠦᠯ ᠵᠣᠶᠢᠯ ᠳᠤ ᠬᠡᠷᠡᠭᠯᠡᠭᠦ ᠭᠠᠵᠠᠷ᠂ ᠴᠠᠬᠢᠯᠭᠠᠨ ᠬᠦᠴᠦ᠂ ᠬᠡᠷᠡᠭᠯᠡᠭᠡᠨ ᠤ ᠪᠠᠶᠢᠳᠠᠯ ᠢ ᠵᠣᠬᠢᠴᠠᠭᠤᠯᠬᠤ ᠵᠡᠷᠭᠡ ᠬᠦᠴᠦᠨ ᠵᠣᠶᠢᠯ ᠤᠨ ᠪᠠᠳᠣᠯᠠᠭ᠎ᠠ ᠶᠢᠨ ᠲᠠᠯ᠎ᠠ ᠪᠠᠷ ᠲᠡᠮᠵᠢᠯᠭᠡ ᠦᠵᠡᠭᠦᠯᠵᠣ᠂ ᠬᠠᠮᠳᠦ ᠶᠢᠨ ᠠᠰᠢᠭ ᠢᠯᠠᠯᠳᠠ ᠶᠢ ᠠᠬᠢᠭᠤᠯᠣᠨ᠎ᠠ ᠬᠡᠪᠡ᠃     ᠺᠠᠩ ᡁᠢ ᠸᠧᠢ ᠺᠣᠮᠫᠠᠨᠢ ᠶᠢᠨ ᠮᠡᠷᠭᠡᠵᠢᠯ ᠤᠨ ᠨᠦᠭᠡᠴᠡ᠂ ᠠᠵᠢᠯᠯᠠᠮᠵᠢ ᠡᠵᠡᠩᠨᠡᠯᠳᠡ ᠶᠢᠨ ᠲᠣᠭᠳᠠᠴᠠ᠂ ᠭᠤᠣᠯ ᠪᠦᠳᠦᠭᠡᠭᠳᠡᠭᠦᠨ ᠪᠣᠯᠣᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢᠨ ᠪᠠᠶᠢᠳᠠᠯ ᠢᠶᠠᠨ ᠨᠠᠷᠢᠨ ᠲᠠᠨᠢᠯᠴᠠᠭᠤᠯᠪᠠ᠃ ᠲᠡᠷᠡ᠂ ᠵᠦᠩ ᠾᠧ ᠡᠨᠧᠷᠬᠢ ᠬᠠᠳᠠᠭᠠᠯᠠᠬᠤ ᠺᠣᠮᠫᠠᠨᠢ ᠣᠷᠣᠨ ᠨᠣᠳᠤᠭ ᠤᠨ ᠪᠣᠳᠠᠳᠦ ᠪᠠᠶᠢᠳᠠᠯ ᠳᠤ ᠰᠠᠭᠤᠷᠢᠯᠠᠨ᠂ ᠠᠵᠣ ᠠᠬᠤᠶᠢᠯᠠᠯ ᠤᠨ ᠮᠡᠷᠭᠡᠵᠢᠯ ᠤᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠵᠣ᠂ ᠲᠦᠷᠦᠯ ᠵᠣᠶᠢᠯ ᠤᠨ ᠲᠦᠰᠦᠯ ᠲᠦᠯᠦᠪᠯᠡᠭᠡ ᠪᠠᠨ ᠲᠦᠷᠭᠡᠳᠬᠡᠨ᠂ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ ᠶᠢ ᠢᠳᠡᠪᠬᠢᠳᠡᠢ ᠠᠬᠢᠭᠤᠯᠵᠣ᠂ ᠣᠷᠣᠨ ᠨᠣᠳᠤᠭ ᠤᠨ ᠬᠦᠭᠵᠢᠯᠳᠡ ᠶᠢ ᠲᠡᠮᠵᠢᠨ᠎ᠡ ᠭᠡᠵᠣ ᠢᠯᠡᠷᠭᠡᠶᠢᠯᠡᠪᠡ᠃     ᠬᠤᠷᠠᠯ ᠤᠨ ᠲᠠᠷᠠᠭ᠎ᠠ᠂ ᠺᠠᠩ ᡁᠢ ᠸᠧᠢ ᠦᠪᠦᠷ ᠮᠣᠩᠭᠤᠯ ᠤᠨ ᠪᠠᠷᠠᠭᠤᠨ ᠪᠡᠶ᠎ᠡ ᠶᠢᠨ ᠣᠷᠳᠣᠰ ᠤᠨ ᠨᠡᠭᠦᠷᠡᠰᠦ ᠮᠠᠯᠳᠠᠭᠰᠠᠨ ᠠᠴᠠ ᠰᠠᠭᠤᠭᠳᠠᠭᠰᠠᠨ ᠣᠷᠣᠨ ᠤ 4WG ᠰᠢᠨ᠎ᠡ ᠡᠨᠧᠷᠬᠢ ᠶᠢᠨ ᠰᠠᠭᠤᠷᠢᠨ ᠭᠠᠵᠠᠷ᠂ ᠣᠯᠣᠰ ᠤᠨ ᠴᠠᠬᠢᠯᠭᠠᠨ ᠤ ᠷᠦᠨ ᠶᠠᠩ ᠤᠨ 50 ᠲᠦᠮᠡᠨ ᠺᠢᠯᠣᠸᠠᠲ ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ᠂ ᠱᠧᠨ᠋ᠵᠧᠨ ᠤ ᠡᠨᠧᠷᠬᠢ ᠶᠢᠨ ᠨᠠᠷᠠᠨ ᠡᠨᠧᠷᠬᠢ ᠪᠠᠷ ᠣᠰᠣᠳᠦ᠋ᠷᠦᠭᠴᠢ ᠦᠢᠯᠠᠳᠬᠦ ᠲᠦᠷᠦᠯ ᠵᠣᠶᠢᠯ ᠤᠨ ᠪᠣᠳᠠᠳᠦ ᠭᠠᠵᠠᠷ ᠢᠶᠠᠷ ᠬᠦᠷᠴᠦ ᠰᠢᠨᠵᠢᠯᠡᠨ ᠪᠠᠶᠢᠴᠠᠭᠠᠪᠠ᠃     ᠬᠤᠰᠢᠭᠤ ᠣᠳᠣᠷᠢᠳᠣᠯᠭ᠎ᠠ ᠳ᠋ᠤᠸᠠᠨ ᡁᠢ ᠴᠢᠶᠠᠩ ᠣᠷᠣᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ