5 ᠰᠠᠷ᠎ᠠ ᠶᠢᠨ 29 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ | ᠣᠷᠣᠨ᠂ ᠱᠠᠩᠬᠠᠢ ᠶᠢᠨ ᠰᠦᠮ᠎ᠡ ᠪᠠᠯᠭᠠᠰᠣᠨ ᠳᠤ ᠲᠦᠷᠦᠯ ᠵᠦᠢᠯ ᠤᠨ ᠠᠵᠢᠯᠯᠠᠮᠵᠢ᠂ ᠠᠶᠤᠯᠬᠦᠢ ᠦᠢᠯᠡᠳᠪᠦᠷᠢᠯᠡᠯ᠂ ᠣᠷᠴᠢᠨ ᠬᠠᠮᠠᠭᠠᠯᠠᠯᠲᠠ ᠶᠢᠨ ᠠᠵᠢᠯ ᠢ ᠬᠢᠨᠠᠨ | ᠵᠢᠯᠤᠭᠤᠳᠪᠠ᠃ | | | | | ᠡᠾᠧᠩ ᠺᠦᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠣ ᠺᠣᠮᠫᠠᠨᠢ ᠳᠤ ᠠᠶᠤᠯᠬᠦᠢ ᠦᠢᠯᠡᠳᠪᠦᠷᠢᠯᠡᠯ᠂ ᠣᠷᠴᠢᠨ ᠬᠠᠮᠠᠭᠠᠯᠠᠯᠲᠠ ᠶᠢᠨ | ᠠᠵᠢᠯ ᠢ ᠬᠢᠨᠠᠨ ᠵᠢᠯᠤᠭᠤᠳᠪᠠ | ᠣᠷᠳᠣᠰ ᠤᠨ ᠣᠯᠣᠰ ᠤᠨ ᠴᠠᠬᠢᠯᠭᠠᠨ ᠤ ᠷᠦᠨ ᠶᠠᠩ ᠤᠨ 50 ᠲᠦᠮᠡᠨ ᠺᠢᠯᠤᠸᠠᠲ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ | ᠪᠤᠬᠢᠷᠳᠣᠯ ᠦᠬᠡᠢ ᠴᠠᠬᠢᠯᠭᠠᠨ ᠬᠠᠩᠭᠠᠯᠭ᠎ᠠ ᠶᠢᠨ ᠲᠦᠷᠦᠯ ᠵᠦᠢᠯ ᠤᠨ ᠰᠠᠯᠬᠢᠨ ᠴᠠᠬᠢᠯᠭᠠᠨ ᠤ ᠦᠢᠯᠡᠳᠪᠦᠷᠢ ᠶᠢᠨ ᠲᠤᠭᠤᠷᠢᠭ᠂ ᠱᠠᠩᠬᠠᠢ ᠶᠢᠨ ᠰᠦᠮ᠎ᠡ ᠡᠨᠧᠷᠬᠢ | ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠤ ᠰᠢᠭᠠᠷᠤ ᠶᠢᠨ ᠲᠠᠯᠠᠪᠤᠷ ᠤᠨ ᠲᠦᠷᠦᠯ ᠵᠦᠢᠯ᠂ ᠡᠾᠧᠩ ᠺᠦᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠬᠠᠷᠢᠭᠤᠴᠠᠯᠭᠠᠲᠣ ᠺᠣᠮᠫᠠᠨᠢ ᠳᠤ᠂ ᠸᠠᠩ ᠢᠦᠢ ᠴᠢᠶᠠᠩ ᠲᠦᠷᠦᠯ ᠵᠦᠢᠯ ᠤᠨ ᠪᠠᠶᠢᠭᠤᠯᠤᠯᠲᠠ ᠶᠢᠨ ᠠᠵᠢᠯᠯᠠᠮᠵᠢ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ | ᠨᠠᠷᠢᠨ ᠣᠶᠢᠯᠠᠭᠠᠵᠤ᠂ ᠠᠶᠤᠯᠬᠦᠢ ᠦᠢᠯᠡᠳᠪᠦᠷᠢᠯᠡᠯ᠂ ᠣᠷᠴᠢᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠦᠵᠡᠪᠡ᠃ ᠲᠡᠷᠡ᠂ ᠬᠦᠭᠵᠢᠯᠲᠡ ᠠᠮᠣᠷ ᠳᠦᠪᠰᠢᠨ ᠢ | ᠨᠢᠬᠡᠳᠦᠯᠲᠡᠢ ᠲᠦᠯᠦᠪᠵᠢᠬᠦᠯᠦᠨ᠂ ᠠᠶᠤᠯ ᠳᠦᠭᠰᠢᠬᠦᠷᠢ ᠶᠢ ᠰᠡᠷᠬᠡᠶᠢᠯᠡᠨ ᠡᠵᠡᠮᠳᠡᠬᠦ ᠲᠤᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠠᠶᠤᠯᠬᠦᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢ ᠨᠠᠷᠢᠯᠢᠭᠵᠢᠭᠤᠯᠵᠤ ᠪᠤᠲᠠᠲᠠᠶᠢᠵᠢᠭᠤᠯᠤᠨ᠂ ᠦᠢᠯᠡᠳᠪᠦᠷᠢᠯᠡᠯ᠂ ᠪᠠᠷᠢᠯᠭ᠎ᠠ ᠵᠡᠷᠭᠡ ᠭᠤᠤᠯᠳᠠᠯᠭᠠᠲᠤ ᠴᠠᠷᠠᠭ᠎ᠠ ᠪᠠ ᠵᠠᠩᠭᠢᠯᠠᠭ᠎ᠠ ᠶᠢᠨ | ᠭᠤᠭᠴᠤᠭᠠᠨ ᠳᠤ ᠠᠩᠬᠠᠷᠤᠯ ᠢᠶᠠᠨ ᠲᠦᠪᠯᠡᠷᠡᠬᠦᠯᠵᠦ᠂ ᠡᠯ᠎ᠡ ᠭᠤᠭᠴᠤᠭᠠᠨ ᠤ ᠠᠶᠤᠯᠬᠦᠢ ᠦᠢᠯᠡᠳᠪᠦᠷᠢᠯᠡᠯ ᠤᠨ ᠠᠷᠭ᠎ᠠ ᠠᠪᠴᠠᠯ ᠢ ᠴᠢᠩᠭ᠎ᠠ ᠨᠠᠶᠢᠲᠠᠪᠤᠷᠢᠵᠢᠭᠤᠯᠤᠨ᠂ | ᠳᠠᠯᠳᠠ ᠬᠡᠮ ᠢ ᠪᠦᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠠᠰᠠᠭᠤᠳᠠᠯ ᠤᠨ ᠴᠡᠭᠴᠡᠯᠡᠯᠲᠡ ᠶᠢ ᠰᠠᠶᠢᠲᠤᠷ ᠠᠳᠬᠤᠨ᠂ ᠠᠶᠤᠯᠬᠦᠢ ᠦᠢᠯᠡᠳᠪᠦᠷᠢᠯᠡᠯ ᠤᠨ ᠡᠯ᠎ᠡ | ᠱᠠᠲᠤᠴᠢ ᠪᠤᠯᠪᠠᠰᠣᠷᠠᠯ᠂ ᠬᠦᠮᠦᠵᠢᠯ ᠣᠬᠠᠭᠤᠯᠭ᠎ᠠ ᠶᠢ ᠵᠡᠷᠭᠡᠪᠡᠷ ᠴᠢᠩᠭᠠᠳᠬᠠᠵᠤ᠂ ᠠᠶᠤᠯᠬᠦᠢ ᠦᠢᠯᠡᠳᠪᠦᠷᠢᠯᠡᠯ ᠤᠨ ᠬᠤᠷᠢᠭ᠎ᠠ ᠱᠣᠭᠤᠮ ᠢ ᠪᠠᠲᠤ ᠰᠠᠬᠢᠬᠤ ᠬᠡᠷᠡᠭᠲᠡᠢ᠃ | ᠣᠷᠴᠢᠨ ᠬᠠᠮᠠᠭᠠᠯᠠᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠡᠬᠦᠷᠭᠡᠯᠡᠨ᠂ ᠡᠵᠡᠩᠨᠡᠯᠲᠡ ᠶᠢ ᠳᠦᠷᠢᠮᠵᠢᠬᠦᠯᠵᠦ᠂ ᠰᠢᠨᠵᠢᠯᠡᠬᠦ ᠣᠬᠠᠭᠠᠨᠴᠢ ᠪᠠᠷ | ᠬᠠᠮᠢᠶᠠᠷᠤᠨ᠂ ᠪᠠᠶᠢᠩᠭᠤᠵᠢᠭᠤᠯᠤᠨ ᠬᠢᠨᠠᠨ ᠬᠠᠮᠢᠶᠠᠷᠴᠤ᠂ ᠪᠠᠷᠢᠯᠭ᠎ᠠ᠂ ᠦᠢᠯᠡᠳᠪᠦᠷᠢᠯᠡᠯ ᠤᠨ ᠭᠤᠭᠴᠤᠭᠠᠨ ᠤ ᠲᠤᠭᠤᠰᠤ᠂ ᠱᠣᠣᠬᠢᠶᠠᠨ᠂ ᠬᠤᠭ ᠨᠤᠪᠰᠢ ᠶᠢᠨ ᠬᠢᠨᠠᠨ | ᠬᠠᠮᠢᠶᠠᠷᠤᠯᠲᠠ ᠰᠢᠢᠳᠪᠦᠷᠢᠯᠡᠯᠲᠡ ᠶᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠨ᠂ ᠣᠷᠴᠢᠨ ᠲᠤᠭᠤᠷᠢᠨ ᠤ ᠪᠤᠬᠢᠷᠳᠣᠯ ᠪᠠ ᠠᠮᠢ ᠠᠬᠤᠢ ᠶᠢᠨ ᠡᠪᠳᠡᠭᠳᠡᠯ ᠢ ᠴᠢᠩᠭ᠎ᠠ | ᠰᠡᠷᠬᠡᠶᠢᠯᠡᠬᠦ ᠬᠡᠷᠡᠭᠲᠡᠢ ᠬᠡᠪᠡ᠃ | | | | | ᠬᠤᠰᠢᠭᠤ ᠡᠮᠨᠡᠯᠭᠡ ᠶᠢᠨ ᠬᠤᠷᠢᠶ᠎ᠠ ᠶᠢᠨ ᠱᠠᠩᠬᠠᠢ ᠶᠢᠨ ᠰᠦᠮ᠎ᠡ ᠡᠮᠨᠡᠯᠬᠡ ᠶᠢᠨ ᠬᠤᠷᠢᠶᠠᠨ ᠳᠤ ᠭᠠᠯ ᠰᠡᠷᠬᠡᠶᠢᠯᠡᠯᠲᠡ ᠶᠢᠨ ᠠᠮᠣᠷ ᠳᠦᠪᠰᠢᠨ ᠢ ᠪᠠᠶᠢᠴᠠᠭᠠᠨ | ᠦᠵᠡᠪᠡ | ᠬᠤᠰᠢᠭᠤ ᠡᠮᠨᠡᠯᠭᠡ ᠶᠢᠨ ᠬᠤᠷᠢᠶ᠎ᠠ ᠶᠢᠨ ᠱᠠᠩᠬᠠᠢ ᠶᠢᠨ ᠰᠦᠮ᠎ᠡ ᠡᠮᠨᠡᠯᠬᠡ ᠶᠢᠨ ᠬᠤᠷᠢᠶᠠᠨ ᠳᠤ᠂ ᠸᠠᠩ ᠢᠦᠢ ᠴᠢᠶᠠᠩ ᠡᠮᠨᠡᠯᠬᠡ ᠶᠢᠨ ᠬᠤᠷᠢᠶᠠᠨ ᠤ | ᠪᠠᠶᠢᠭᠤᠯᠤᠯᠲᠠ ᠠᠵᠢᠯᠯᠠᠮᠵᠢ᠂ ᠭᠠᠯ ᠰᠡᠷᠬᠡᠶᠢᠯᠡᠯᠲᠡ ᠶᠢᠨ ᠠᠮᠣᠷ ᠳᠦᠪᠰᠢᠨ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠦᠵᠡᠪᠡ᠃ ᠲᠡᠷᠡ᠂ ᠡᠮ ᠡᠮᠨᠡᠯᠬᠡ ᠡᠷᠡᠬᠦᠯ | ᠬᠠᠮᠠᠭᠠᠯᠠᠯ ᠤᠨ ᠠᠵᠢᠯ ᠠᠷᠠᠳ ᠤᠨ ᠠᠮᠢᠳᠣᠷᠠᠯ ᠤᠨ ᠠᠰᠢᠭ ᠵᠢᠷᠭᠠᠯ ᠲᠠᠢ ᠬᠤᠯᠪᠤᠭᠳᠠᠬᠤ ᠲᠤᠯᠠ ᠡᠮᠴᠢᠯᠡᠬᠡᠨ ᠤ ᠡᠬᠢ ᠰᠣᠷᠪᠣᠯᠵᠢ ᠶᠢᠨ ᠪᠠᠶᠢᠷᠢᠯᠠᠭᠤᠯᠤᠯᠲᠠ ᠶᠢ | ᠣᠯᠠᠮ ᠰᠢᠯᠢᠳᠡᠭᠵᠢᠬᠦᠯᠦᠨ᠂ ᠡᠮᠴᠢᠯᠡᠬᠡᠨ ᠤ ᠡᠩᠨᠡᠭᠡ ᠪᠠ ᠮᠡᠳᠡᠭᠡ ᠵᠠᠩᠭᠢᠴᠢᠯᠠᠭᠰᠠᠨ ᠪᠠᠶᠢᠭᠤᠯᠤᠯᠲᠠ ᠶᠢ ᠦᠷᠬᠦᠯᠵᠢᠯᠡᠨ ᠴᠢᠩᠭᠠᠳᠬᠠᠵᠤ᠂ ᠡᠮ ᠡᠮᠨᠡᠯᠬᠡ ᠡᠷᠡᠬᠦᠯ | ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠬᠡᠨ ᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠬᠦᠯᠦᠨ᠂ ᠠᠷᠠᠳ ᠣᠯᠠᠨ ᠳᠤ ᠴᠢᠨᠠᠷ ᠰᠠᠶᠢᠲᠠᠢ ᠡᠮᠴᠢᠯᠡᠬᠡᠨ ᠤ | ᠦᠢᠯᠡᠴᠢᠯᠡᠭᠡ ᠶᠢ ᠡᠳ᠋ᠯᠡᠬᠦᠯᠬᠦ ᠬᠡᠷᠡᠭᠲᠡᠢ᠃ ᠭᠠᠯ ᠰᠡᠷᠬᠡᠶᠢᠯᠡᠯᠲᠡ ᠶᠢᠨ ᠣᠬᠠᠮᠰᠠᠷ ᠢᠶᠠᠨ ᠴᠢᠩᠭᠠᠳᠬᠠᠵᠣ᠂ ᠭᠠᠯ ᠰᠡᠷᠬᠡᠶᠢᠯᠡᠯᠲᠡ ᠶᠢᠨ ᠮᠡᠳᠡᠯᠬᠡ ᠶᠢ ᠲᠦᠬᠡᠮᠡᠯᠵᠢᠬᠦᠯᠦᠨ᠂ | ᠬᠠᠷᠢᠭᠤᠴᠠᠯᠭ᠎ᠠ ᠶᠢᠨ ᠬᠡᠯᠬᠢᠶᠡᠵᠢᠯ ᠢᠶᠠᠨ ᠴᠢᠩᠭᠠᠯᠠᠵᠤ᠂ ᠭᠠᠯ ᠰᠡᠷᠬᠡᠶᠢᠯᠡᠯᠲᠡ ᠶᠢᠨ ᠠᠮᠣᠷ ᠳᠦᠪᠰᠢᠨ ᠤ ︽ᠳᠦᠷᠪᠡᠨ ᠴᠢᠳᠠᠪᠤᠷᠢ︾ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠳᠡᠭᠡᠭᠰᠢᠯᠡᠬᠦᠯᠦᠨ᠂ ᠭᠠᠯ ᠰᠡᠷᠬᠡᠶᠢᠯᠡᠯᠲᠡ ᠶᠢᠨ ᠠᠮᠣᠷ ᠳᠦᠪᠰᠢᠨ ᠤ ᠠᠵᠢᠯ ᠤᠨ ᠪᠠᠷᠢᠮᠵᠢᠶᠠᠵᠢᠯᠲᠠ᠂ ᠪᠠᠶᠢᠩᠭᠤᠵᠢᠯᠲᠠ ᠶᠢ ᠠᠬᠢᠭᠤᠯᠬᠤ ᠬᠡᠷᠡᠭᠲᠡᠢ ᠬᠡᠪᠡ᠃ | ᠬᠤᠰᠢᠭᠤ ᠣᠳᠣᠷᠢᠳᠣᠯᠭ᠎ᠠ ᠴᠢᠦ ᠯᠢᠨ᠂ ᠹᠧᠩ ᠴᠦᠨ ᠬᠤᠸᠠ ᠵᠢᠴᠢ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠱᠠᠩᠬᠠᠢ ᠶᠢᠨ ᠰᠦᠮ᠎ᠡ ᠪᠠᠯᠭᠠᠰᠣ᠂ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠣᠷᠣᠯᠴᠠᠪᠠ᠃ |