5 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ᠶᠢᠨ | ᠶᠡᠷᠦᠩᠬᠡᠶᠢᠯᠡᠭᠰᠡᠨ ᠵᠠᠰᠠᠯᠳᠠ᠂ ᠦᠶᠡᠷ ᠢ ᠰᠡᠷᠭᠡᠶᠢᠯᠡᠭᠦ ᠠᠵᠢᠯ ᠢ ᠱᠠᠭᠠᠷᠳᠠᠨ ᠪᠠᠶᠢᠴᠠᠭᠠᠪᠠ᠃ | | | | | △ ᠸᠠᠩ ᠢᠦᠢ ᠴᠢᠶᠠᠩ ᠪᠣᠷᠣᠪᠠᠯᠭᠠᠰᠣ ᠪᠠᠯᠭᠠᠰᠣᠨ ᠤ ᠪᠣᠷᠣᠲᠣᠯᠣᠭᠠᠢ ᠲᠣᠰᠬᠤᠨ ᠤ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ︵ᠣᠰᠣᠨ ᠤ ᠠᠮᠢ | ᠠᠬᠤᠢ︶ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠰᠢᠨ᠎ᠡ ᠡᠨᠧᠷᠬᠢ ᠶᠢᠨ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠲᠦᠷᠦᠯ ᠵᠣᠶᠢᠯ | ᠤᠨ ᠠᠵᠢᠯᠯᠠᠮᠵᠢ᠂ ᠬᠠᠮᠢᠶᠠᠷᠣᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠸᠠᠩ ᠢᠦᠢ ᠴᠢᠶᠠᠩ᠂ ᠪᠣᠷᠣᠪᠠᠯᠭᠠᠰᠣ ᠪᠠᠯᠭᠠᠰᠣᠨ ᠤ ᠪᠣᠷᠣᠲᠣᠯᠣᠭᠠᠢ ᠲᠣᠰᠬᠤᠨ ᠤ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ︵ᠣᠰᠣᠨ ᠤ ᠠᠮᠢ | ᠠᠬᠤᠢ︶ ᠶᠢᠨ ᠶᠡᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠤᠨ ᠰᠢᠨ᠎ᠡ ᠡᠨᠧᠷᠬᠢ ᠶᠢᠨ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠲᠦᠷᠦᠯ ᠵᠣᠶᠢᠯ | ᠤᠨ ᠠᠵᠢᠯᠯᠠᠮᠵᠢ᠂ ᠬᠠᠮᠢᠶᠠᠷᠣᠯᠳᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ︵ᠣᠰᠣᠨ ᠤ ᠠᠮᠢ | ᠠᠬᠤᠢ︶ ᠶᠢᠨ ᠶᠠᠷᠦᠩᠬᠡᠶᠢᠯᠡᠭᠰᠡᠨ ᠵᠠᠰᠠᠯᠳᠠ ᠶᠢᠨ ᠢᠨᠵᠧᠨᠧᠷᠢᠩ ᠪᠣᠯ ᠨᠢᠭᠡ ᠲᠦᠷᠦᠯ ᠤᠨ ᠰᠠᠭᠤᠷᠢ ᠲᠠᠯᠪᠢᠬᠤ᠂ ᠣᠷᠳᠦ ᠬᠤᠭᠤᠴᠠᠭᠠᠨ ᠤ ᠠᠷᠠᠳ ᠤᠨ ᠠᠮᠢᠳᠣᠷᠠᠯ | ᠤᠨ ᠢᠨᠵᠧᠨᠧᠷᠢᠩ᠂ ᠠᠮᠢ ᠠᠬᠤᠢ ᠶᠢᠨ ᠢᠨᠵᠧᠨ᠋ᠸᠢᠷᠩ᠂ ᠬᠦᠭᠵᠢᠯᠳᠡ ᠶᠢᠨ ᠢᠨᠵᠧᠨᠧᠷᠢᠩ ᠶᠣᠮ᠂ ᠰᠢᠨ᠎ᠡ ᠡᠨᠧᠷᠬᠢ ᠶᠢᠨ ᠲᠦᠷᠦᠯ ᠵᠣᠶᠢᠯ ᠢ ᠢᠵᠢ ᠪᠦᠷᠢᠯᠳᠦᠭᠦᠯᠦᠨ | ᠠᠰᠢᠭᠯᠠᠯᠳᠠ ᠳᠤ ᠣᠷᠣᠭᠤᠯᠬᠤ ᠨᠢ ᠪᠦᠬᠦ ᠬᠤᠰᠢᠭᠤᠨ ᠤ ᠭᠠᠵᠠᠷ ᠲᠣᠣᠷᠠᠬᠢ ᠣᠰᠣᠨ ᠤ ᠬᠡᠳᠦ ᠠᠰᠢᠭᠯᠠᠯᠳᠠ ︵ᠣᠰᠣᠨ ᠤ ᠠᠮᠢ ᠠᠬᠤᠢ︶ ᠶᠢᠨ ᠶᠡᠷᠦᠩᠬᠡᠶᠢᠯᠡᠭᠰᠡᠨ | ᠵᠠᠰᠠᠯᠳᠠ ᠶᠢᠨ ᠢᠨᠵᠧᠨᠧᠷᠢᠩ ᠤᠨ ᠦᠪᠡᠷ ᠤᠨ ᠦᠷᠳᠡᠭ ᠢ ᠠᠷᠪᠢᠯᠠᠬᠤ ᠲᠠᠯ᠎ᠠ ᠪᠠᠷ ᠢᠯᠡᠳᠳᠡ ᠪᠦᠳᠦᠮᠵᠢ ᠲᠠᠢ ᠪᠠᠶᠢᠵᠣ᠂ ᠠᠵᠣ ᠠᠬᠤᠶᠢᠯᠠᠯ ᠤᠨ ︽ᠲᠠᠷᠣᠭᠠᠰᠦ ᠶᠢ | ᠬᠦᠩᠭᠡᠷᠡᠭᠦᠯᠦᠨ ᠪᠦᠳᠦᠮᠵᠢ ᠶᠢ ᠨᠡᠮᠡᠭᠳᠡᠭᠦᠯᠬᠦ︾ ᠳᠤ ᠬᠦᠴᠦᠳᠦ ᠠᠷᠭ᠎ᠠ ᠠᠪᠴᠠᠯ ᠪᠣᠯᠣᠨ᠎ᠠ᠃ ᠲᠦᠬᠦᠷᠴᠢᠯᠡᠭᠰᠡᠨ ᠰᠢᠨ᠎ᠡ ᠡᠨᠧᠷᠬᠢ ᠶᠢᠨ ᠲᠦᠷᠦᠯ ᠵᠣᠶᠢᠯ ᠤᠨ | ᠪᠠᠶᠢᠭᠤᠯᠣᠯᠳᠠ ᠶᠢ ᠦᠨᠳᠦᠷ ᠪᠠᠷᠢᠮᠵᠢᠶ᠎ᠠ ᠪᠠᠷ ᠠᠬᠢᠭᠤᠯᠵᠣ᠂ ᠠᠵᠢᠯᠯᠠᠮᠵᠢ ᠬᠠᠮᠠᠭᠠᠯᠠᠯᠳᠠ ᠬᠠᠮᠢᠶᠠᠷᠣᠯᠳᠠ ᠶᠢ ᠴᠢᠩᠭᠠᠳᠬᠠᠨ᠂ ᠠᠵᠢᠯᠯᠠᠮᠵᠢ ᠶᠢᠨ ᠲᠦᠪᠰᠢᠨ ᠢ | ᠲᠡᠭᠡᠭᠰᠢᠯᠡᠭᠦᠯᠵᠣ᠂ ᠲᠣᠣᠷ᠎ᠠ ᠨᠡᠭᠦᠷᠡᠰᠦᠳᠦ᠋ᠷᠦᠭᠴᠢᠳᠦ᠂ ᠠᠵᠣ ᠠᠬᠤᠢ᠂ ᠠᠮᠢ ᠠᠬᠤᠢ ᠶᠢᠨ ︽ᠭᠤᠷᠪᠠᠨ ᠲᠠᠩᠰᠠ︾ ᠶᠢ ᠨᠠᠷᠢᠨ ᠲᠣᠭᠠᠴᠠᠬᠤ ᠶᠢᠨ ᠬᠠᠮᠳᠦ ᠨᠠᠷᠠᠨ | ᠡᠨᠧᠷᠬᠢ ᠪᠣᠯᠣᠨ ᠡᠨᠧᠷᠬᠢ ᠶᠢᠨ ᠨᠦᠭᠡᠴᠡ ᠶᠢ ᠣᠶᠠᠯᠳᠣᠭᠤᠯᠬᠤ ᠪᠣᠳᠣᠯᠭ᠎ᠠ ᠶᠢ ᠢᠳᠡᠪᠬᠢᠳᠡᠢ ᠰᠦᠪᠡᠭᠴᠢᠯᠡᠨ᠂ ᠡᠨᠧᠷᠬᠢ ᠶᠢᠨ ᠬᠠᠩᠭᠠᠯᠭ᠎ᠠ ᠶᠢᠨ ᠨᠠᠶᠢᠳᠠᠪᠦᠷᠢᠳᠦ ᠴᠢᠨᠠᠷ | ᠪᠣᠯᠣᠨ ᠲᠣᠭᠳᠠᠭᠤᠨ ᠴᠢᠨᠠᠷ ᠢ ᠨᠡᠮᠡᠭᠳᠡᠭᠦᠯᠵᠣ᠂ ᠮᠠᠯ ᠲᠠᠷᠢᠶᠠᠯᠠᠩ ᠤᠨ ᠦᠢᠯᠠᠰ ᠤᠨ ᠣᠰᠣ ᠬᠡᠷᠡᠭᠯᠡᠭᠦ ᠦᠷᠳᠡᠭ ᠢ ᠶᠡᠬᠡᠪᠡᠷ ᠪᠠᠭᠤᠷᠠᠭᠤᠯᠣᠨ᠂ ᠬᠤᠶᠠᠷ ᠬᠡᠳᠦ | ᠠᠰᠢᠭᠯᠠᠯᠳᠠ ᠶᠢᠨ ᠣᠷᠣᠨ ᠤ ᠣᠰᠣᠨ ᠲᠦᠪᠰᠢᠨ ᠤ ᠲᠡᠭᠡᠭᠰᠢᠯᠡᠭᠦᠯᠦᠯᠳᠡ ᠶᠢᠨ ᠵᠠᠰᠠᠯᠳᠠ ᠶᠢᠨ ᠪᠦᠳᠦᠮᠵᠢ ᠶᠢ ᠦᠷᠭᠦᠯᠵᠢᠯᠡᠨ ᠪᠠᠬᠢᠵᠢᠭᠦᠯᠵᠣ᠂ ᠣᠰᠣ ᠬᠠᠩᠭᠠᠬᠤ | ᠢᠨᠵᠧᠨᠧᠷᠢᠩ ᠤᠨ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ᠂ ᠠᠵᠣ ᠠᠬᠤᠢ ᠶᠢᠨ ᠦᠷ᠎ᠡ ᠠᠰᠢᠭ ᠢ ᠬᠠᠮᠤᠭ ᠶᠡᠭᠡ ᠬᠡᠮᠵᠢᠶ᠎ᠡ ᠪᠠᠷ ᠰᠠᠶᠢᠳᠦᠷ | ᠪᠠᠳᠠᠷᠠᠭᠤᠯᠬᠤ ᠬᠡᠷᠡᠭᠳᠡᠢ ᠭᠡᠪᠡ᠃ | | | | | △ ᠸᠠᠩ ᠢᠦᠢ ᠴᠢᠶᠠᠩ ᠶᠡᠭᠡ ᠲᠣᠬᠤᠢ ᠶᠢᠨ ᠣᠰᠣᠨ ᠴᠦᠬᠦᠷᠦᠮ ᠤᠨ ᠶᠡᠭᠡ ᠬᠠᠰᠢᠯᠭ᠎ᠠ ᠶᠢᠨ ᠨᠡᠪᠴᠢᠯᠳᠡ ᠶᠢ ᠰᠡᠷᠭᠡᠶᠢᠯᠡᠭᠦ ᠪᠠᠴᠢᠮ ᠢ ᠠᠷᠭᠠᠴᠠᠨ ᠰᠡᠯᠪᠢᠨ | ᠵᠠᠰᠠᠬᠤ ᠬᠤᠶᠠᠳᠣᠭᠠᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ᠂ ᠠᠵᠢᠯᠯᠠᠮᠵᠢ | ᠲᠣᠬᠢᠷᠠᠭᠤᠯᠣᠯᠳᠠ᠂ ᠣᠰᠣᠨ ᠲᠦᠪᠰᠢᠨ ᠣᠰᠣᠨ ᠬᠡᠮᠵᠢᠶ᠎ᠡ᠂ ᠦᠶᠡᠷ ᠢ ᠰᠡᠷᠭᠡᠶᠢᠯᠡᠭᠦ ᠡᠳ᠋ ᠪᠣᠳᠠᠰ ᠤᠨ ᠨᠦᠭᠡᠴᠡᠯᠡᠯᠳᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠸᠠᠩ ᠢᠦᠢ ᠴᠢᠶᠠᠩ᠂ ᠶᠡᠭᠡ ᠲᠣᠬᠤᠢ ᠶᠢᠨ ᠣᠰᠣᠨ ᠴᠦᠬᠦᠷᠦᠮ ᠤᠨ ᠶᠡᠭᠡ ᠬᠠᠰᠢᠯᠭ᠎ᠠ ᠶᠢᠨ ᠨᠡᠪᠴᠢᠯᠳᠡ ᠶᠢ ᠰᠡᠷᠭᠡᠶᠢᠯᠡᠭᠦ ᠪᠠᠴᠢᠮ ᠢ ᠠᠷᠭᠠᠴᠠᠬᠤ | ᠬᠤᠶᠠᠳᠣᠭᠠᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠣᠶᠢᠯ ᠤᠨ ᠠᠬᠤᠢ ᠲᠠᠯᠠᠪᠠᠢ ᠳᠤ ᠬᠦᠷᠴᠦ ᠪᠠᠷᠢᠯᠭ᠎ᠠ ᠶᠢᠨ ᠠᠬᠢᠴᠠ᠂ ᠠᠵᠢᠯᠯᠠᠮᠵᠢ ᠲᠣᠬᠢᠷᠠᠭᠤᠯᠣᠯᠳᠠ᠂ | ᠣᠰᠣᠨ ᠲᠦᠪᠰᠢᠨ᠂ ᠦᠶᠡᠷ ᠢ ᠰᠡᠷᠭᠡᠶᠢᠯᠡᠭᠦ ᠡᠳ᠋ ᠪᠣᠳᠠᠰ ᠤᠨ ᠨᠦᠭᠡᠴᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠶᠡᠭᠡ ᠲᠣᠬᠤᠢ ᠶᠢᠨ ᠣᠰᠣᠨ | ᠴᠦᠭᠦᠷᠦᠮ ᠤᠨ ᠶᠡᠭᠡ ᠬᠠᠰᠢᠯᠭ᠎ᠠ ᠶᠢᠨ ᠨᠡᠪᠴᠢᠯᠳᠡ ᠶᠢ ᠰᠡᠷᠭᠡᠶᠢᠯᠡᠭᠦ ᠪᠠᠴᠢᠮ ᠢ ᠠᠷᠭᠠᠴᠠᠬᠤ ᠰᠡᠯᠪᠢᠨ ᠵᠠᠰᠠᠯᠳᠠ ᠶᠢᠨ ᠲᠦᠷᠦᠯ ᠵᠣᠶᠢᠯ ᠤᠨ ᠬᠡᠷᠡᠭᠵᠢᠭᠦᠯᠦᠯᠳᠡ ᠨᠢ | ᠣᠰᠣᠨ ᠴᠦᠬᠦᠷᠦᠮ ᠤᠨ ᠠᠮᠣᠷ ᠲᠦᠪᠰᠢᠨ ᠤ ᠠᠵᠢᠯᠯᠠᠮᠵᠢ᠂ ᠣᠰᠣᠨ ᠴᠦᠬᠦᠷᠦᠮ ᠤᠨ ᠬᠠᠰᠢᠨ ᠬᠠᠳᠠᠭᠠᠯᠠᠬᠤ ᠴᠢᠳᠠᠪᠦᠷᠢ ᠶᠢ ᠪᠦᠳᠦᠮᠵᠢᠳᠡᠢ ᠲᠡᠭᠡᠭᠰᠢᠯᠡᠭᠦᠯᠵᠣ᠂ | ᠣᠰᠣ ᠠᠷᠪᠢᠯᠠᠬᠤ ᠠᠵᠢᠯᠯᠠᠭᠠᠨ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠭᠦ ᠠᠵᠢᠯ᠂ ᠭᠠᠵᠠᠷ ᠲᠣᠣᠷᠠᠬᠢ ᠣᠰᠣᠨ ᠤ ᠶᠡᠷᠦᠩᠬᠡᠶᠢᠯᠡᠭᠰᠡᠨ ᠵᠠᠰᠠᠯᠳᠠ᠂ ᠠᠮᠢ ᠠᠬᠤᠢ | ᠣᠷᠴᠢᠨ ᠬᠠᠮᠠᠭᠠᠯᠠᠯᠳᠠ ᠵᠡᠷᠭᠡ ᠶᠡᠷᠦᠩᠬᠡᠶᠢᠯᠡᠭᠰᠡᠨ ᠦᠷ᠎ᠡ ᠠᠰᠢᠭ ᠢ ᠭᠦᠢᠴᠡᠳ ᠪᠠᠳᠠᠷᠠᠭᠤᠯᠪᠠ᠃ ᠣᠯᠣᠰ ᠲᠦᠷᠦ ᠶᠢᠨ ᠵᠣᠭᠰᠣᠴᠠ ᠪᠠᠨ ᠦᠨᠡᠨᠬᠦ ᠲᠠᠭᠡᠭᠰᠢᠯᠡᠭᠦᠯᠦᠨ᠂ | ᠲᠦᠷᠦᠯ ᠵᠣᠶᠢᠯ ᠤᠨ ᠪᠠᠶᠢᠭᠤᠯᠣᠯᠳᠠ ᠠᠬᠢᠭᠤᠯᠣᠯᠳᠠ ᠶᠢᠨ ᠦᠶᠡᠷ ᠢ ᠰᠡᠷᠭᠡᠶᠢᠯᠡᠭᠦ ᠪᠡᠯᠡᠳᠬᠡᠯ ᠠᠵᠢᠯ ᠳᠠᠬᠢ ᠴᠢᠬᠤᠯᠠ ᠴᠢᠨᠠᠷ ᠪᠣᠯᠣᠨ ᠲᠣᠯᠭᠠᠮ᠎ᠠ ᠴᠢᠨᠠᠷ ᠢ ᠭᠦᠢᠴᠡᠳ | ᠲᠠᠨᠢᠵᠣ᠂ ᠴᠠᠭ ᠢ ᠵᠠᠪᠳᠣᠨ ᠪᠠᠶᠢᠭᠤᠯᠣᠯᠳᠠ ᠶᠢᠨ ᠠᠬᠢᠴᠠ ᠪᠠᠨ ᠲᠦᠷᠭᠡᠳᠬᠡᠵᠣ᠂ ᠶᠠᠰᠦ ᠴᠢᠨᠠᠷ ᠪᠣᠯᠣᠨ ᠠᠮᠦᠷ ᠲᠦᠪᠰᠢᠨ ᠢ ᠪᠠᠳᠣᠯᠠᠭᠰᠠᠨ ᠣᠷᠢᠳᠠᠯ ᠲᠣᠣᠷ᠎ᠠ᠂ | ᠪᠠᠷᠢᠯᠭ᠎ᠠ ᠶᠢ ᠲᠣᠭᠳᠠᠭᠰᠠᠨ ᠬᠤᠭᠤᠴᠠᠭ᠎ᠠ ᠶᠣᠰᠣᠭᠠᠷ ᠲᠠᠭᠤᠰᠬᠠᠬᠤ ᠶᠢ ᠪᠠᠳᠣᠯᠠᠬᠤ ᠬᠡᠷᠡᠭᠳᠡᠢ᠃ ᠨᠠᠭᠤᠷ ᠴᠦᠭᠦᠷᠦᠮ ᠤᠨ ᠲᠠᠷᠣᠭᠠᠴᠢ ᠶᠢᠨ ᠲᠦᠷᠢᠮ ᠢ ᠴᠢᠩᠭ᠎ᠠ | ᠨᠠᠶᠢᠳᠠᠪᠦᠷᠢᠵᠢᠭᠤᠯᠣᠨ᠂ ᠭᠤᠣᠯᠳᠠᠯᠭᠠᠳᠦ ᠣᠰᠣᠨ ᠤ ᠬᠦᠷᠢᠶ᠎ᠡ ᠴᠠᠷᠠᠭ᠎ᠠ᠂ ᠠᠶᠣᠯᠳᠠᠢ ᠣᠰᠣᠨ ᠤ ᠬᠦᠷᠢᠶ᠎ᠠ ᠴᠠᠷᠠᠭᠠᠨ ᠳᠤ ᠠᠩᠬᠠᠷᠣᠯ ᠢᠶᠠᠨ ᠲᠦᠪᠯᠡᠷᠡᠭᠦᠯᠦᠨ | ᠪᠠᠶᠢᠩᠭᠤ ᠶᠢᠨ ᠲᠣᠭᠤᠷᠢᠨ ᠪᠠᠶᠢᠴᠠᠭᠠᠯᠳᠠ ᠦᠷᠨᠢᠭᠦᠯᠵᠣ᠂ ᠬᠠᠣᠯᠢ ᠪᠣᠰᠣ ᠪᠠᠶᠢᠭᠤᠯᠣᠯᠳᠠ᠂ ᠲᠣᠷ᠎ᠠ ᠪᠠᠷ ᠣᠪᠣᠭᠠᠯᠠᠵᠣ ᠲᠣᠷ᠎ᠠ ᠪᠠᠷ ᠲᠠᠯᠪᠢᠬᠤ ᠠᠵᠢᠯᠯᠠᠭᠠᠨ ᠳᠤ | ᠴᠢᠩᠭ᠎ᠠ ᠴᠣᠬᠢᠯᠳᠠ ᠦᠭᠴᠦ᠂ ᠶᠡᠷᠦᠩᠬᠡᠶᠢᠯᠡᠭᠰᠡᠨ ᠵᠠᠰᠠᠯᠳᠠ ᠶᠢ ᠵᠢᠷᠦᠮᠵᠢᠭᠤᠯᠣᠨ ᠠᠬᠢᠭᠤᠯᠵᠣ᠂ ᠲᠣᠭᠤᠷᠢᠨ ᠪᠠᠶᠢᠴᠠᠭᠠᠬᠤ ᠠᠵᠢᠯᠳᠠᠨ ᠲᠠᠢ᠂ ᠬᠠᠮᠢᠶᠠᠷᠬᠤ ᠬᠦᠮᠦᠨ | ᠲᠠᠢ᠂ ᠵᠠᠰᠠᠬᠤ ᠬᠦᠮᠦᠨ ᠲᠠᠢ ᠪᠠᠶᠢᠬᠤ ᠶᠢ ᠪᠠᠳᠣᠯᠠᠬᠤ ᠬᠡᠷᠡᠭᠳᠡᠢ ᠭᠡᠪᠡ᠃ | ᠬᠤᠰᠢᠭᠤ ᠣᠳᠣᠷᠢᠳᠣᠯᠭ᠎ᠠ ᠭᠤᠣ ᠢᠦᠢ ᠵᠢᠴᠢ ᠪᠣᠷᠣᠪᠠᠯᠭᠠᠰᠣ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠣ | ᠠᠬᠤᠶᠢᠯᠠᠯ ᠤᠨ ᠭᠤᠣᠯ ᠬᠠᠷᠢᠭᠤᠴᠠᠯᠭᠠᠳᠠᠳ ᠣᠷᠣᠯᠴᠠᠪᠠ᠃ |