ᠶᠠᠩ ᠶᠢᠩ ᠰᠢᠨ ᠠᠮᠢ ᠠᠬᠤᠢ ᠪᠠ ᠣᠷᠴᠢᠨ ᠬᠠᠮᠠᠭᠠᠯᠠᠯᠲᠠ ᠶᠢᠨ ᠬᠦᠷᠢᠶ᠎ᠡ ᠴᠠᠷᠠᠭᠠᠨ ᠳᠠᠬᠢ ᠭᠤᠤᠯᠳᠠᠯᠭᠠᠲᠤ ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ᠲᠤᠰᠬᠠᠢ ᠰᠡᠳᠦᠪᠲᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2025/5/9
     5 ᠰᠠᠷ᠎ᠠ ᠶᠢᠨ 7 ᠤ ᠡᠳᠦᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠪᠦᠯᠬᠦᠮ ᠳᠠᠭᠠᠭᠤᠯᠤᠨ ᠦᠨᠳᠦᠰᠦᠨ ᠱᠠᠲᠤᠨ ᠳᠤ ᠬᠦᠨᠵᠡᠬᠡᠶᠢᠷᠡᠵᠦ ᠠᠮᠢ ᠠᠬᠤᠢ ᠪᠠ ᠣᠷᠴᠢᠨ ᠬᠠᠮᠠᠭᠠᠯᠠᠯᠲᠠ ᠶᠢᠨ ᠬᠦᠷᠢᠶ᠎ᠡ ᠴᠠᠷᠠᠭᠠᠨ ᠳᠠᠬᠢ ᠭᠤᠤᠯᠳᠠᠯᠭᠠᠲᠤ ᠠᠵᠢᠯ ᠢ ᠪᠠᠶᠢᠴᠠᠭᠠᠨ ᠵᠢᠯᠤᠭᠤᠳᠬᠤ ᠶᠢᠨ ᠬᠠᠮᠲᠤ ᠲᠤᠰᠬᠠᠢ ᠰᠡᠳᠦᠪᠲᠤ ᠬᠤᠷᠠᠯ ᠢ ᠡᠷᠬᠢᠯᠡᠨ ᠬᠤᠷᠠᠯᠳᠣᠭᠤᠯᠵᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ 
1.jpg
     ᠶᠠᠩ ᠶᠢᠩ ᠰᠢᠨ ᠱᠠᠩᠬᠠᠢ ᠶᠢᠨ ᠰᠦᠮ᠎ᠡ ᠪᠠᠯᠭᠠᠰᠣᠨ ᠤ ᠲᠦᠪᠡᠳ ᠭᠠᠴᠠᠭᠠᠨ ᠳᠤ ᠣᠢ ᠰᠢᠭᠤᠢ ᠨᠤᠲᠤᠭ ᠪᠡᠯᠴᠢᠭᠡᠷ ᠤᠨ ᠬᠠᠣᠯᠢ ᠠᠴᠠ ᠵᠦᠷᠢᠴᠡᠭᠰᠡᠨ ᠲᠤᠯᠪᠤᠲᠤ ᠵᠢᠷᠤᠭ ᠤᠨ ᠴᠡᠭᠴᠡᠯᠡᠯᠲᠡ ᠶᠢᠨ ᠠᠵᠢᠯ ᠤᠨ ᠪᠠᠶᠢᠳᠠᠯ ᠢ ᠬᠢᠨᠠᠨ ᠵᠢᠯᠤᠭᠤᠳᠪᠠ᠃     ᠱᠠᠩᠬᠠᠢ ᠶᠢᠨ ᠰᠦᠮ᠎ᠡ ᠪᠠᠯᠭᠠᠰᠣᠨ ᠤ ᠲᠦᠪᠡᠳ ᠭᠠᠴᠠᠭ᠎ᠠ᠂ ᠱᠠᠩᠬᠠᠢ ᠶᠢᠨ ᠰᠦᠮ᠎ᠡ ᠨᠠᠶᠢᠬᠡᠮ ᠲᠤᠭᠤᠷᠢᠭ᠂ ᠣᠯᠵᠠᠴᠢ ᠪᠠᠯᠭᠠᠰᠣᠨ ᠤ ᠣᠯᠠᠭᠠᠨ ᠰᠢᠨ᠎ᠡ ᠲᠤᠭᠤᠷᠢᠭ ᠲᠤ᠂ ᠶᠠᠩ ᠶᠢᠩ ᠰᠢᠨ ᠣᠢ ᠰᠢᠭᠤᠢ ᠨᠤᠲᠤᠭ ᠪᠡᠯᠴᠢᠭᠡᠷ ᠤᠨ ᠬᠠᠣᠯᠢ ᠠᠴᠠ ᠵᠦᠷᠢᠴᠡᠭᠰᠡᠨ ᠲᠤᠯᠪᠤᠲᠤ ᠵᠢᠷᠤᠭ ᠤᠨ ᠴᠡᠭᠴᠡᠯᠡᠯᠲᠡ ᠶᠢᠨ ᠠᠵᠢᠯ ᠤᠨ ᠪᠠᠶᠢᠳᠠᠯ ᠢ ᠪᠤᠲᠠᠲᠤ ᠭᠠᠵᠠᠷ ᠲᠤ ᠨᠢ ᠬᠢᠨᠠᠨ ᠵᠢᠯᠤᠭᠤᠳᠬᠤ ᠶᠢᠨ ᠬᠠᠮᠲᠤ ᠲᠤᠰᠬᠠᠢ ᠰᠡᠳᠦᠪᠲᠤ ᠬᠤᠷᠠᠯ ᠬᠤᠷᠠᠯᠳᠣᠭᠤᠯᠣᠨ ᠣᠷᠣᠰᠢᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ᠲᠡᠷᠡ᠂ ᠣᠯᠣᠰ ᠲᠦᠷᠦ ᠶᠢᠨ ᠵᠤᠭᠰᠣᠴᠠ ᠪᠠᠨ ᠳᠡᠭᠡᠭᠰᠢᠯᠡᠬᠦᠯᠵᠦ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠲᠠ ᠶᠢᠨ ᠣᠯᠣᠰ ᠲᠦᠷᠦ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢᠨ ᠣᠬᠠᠮᠰᠠᠷ ᠢᠶᠠᠨ ᠴᠢᠩᠭᠠᠳᠬᠠᠨ᠂ ᠴᠢᠨᠠᠷᠯᠢᠭ ᠬᠦᠭᠵᠢᠯᠲᠡ ᠶᠢᠨ ᠠᠮᠢ ᠠᠬᠤᠢ ᠶᠢᠨ ᠬᠠᠯᠬᠠᠪᠴᠢ ᠪᠠᠨ ᠪᠠᠬᠢᠵᠢᠬᠦᠯᠬᠦ ᠬᠡᠷᠡᠭᠲᠡᠢ᠃ ᠬᠠᠣᠯᠢ ᠬᠡᠷᠡᠭᠵᠢᠬᠦᠯᠦᠨ ᠬᠠᠷᠢᠭᠤᠴᠠᠯᠭ᠎ᠠ ᠨᠡᠬᠡᠮᠵᠢᠯᠡᠬᠦ᠂ ᠬᠤᠯᠪᠤᠭᠠᠯᠠᠨ ᠬᠠᠣᠯᠢ ᠬᠡᠷᠡᠭᠵᠢᠬᠦᠯᠬᠦ ᠪᠠᠨ ᠴᠢᠩᠭᠠᠳᠬᠠᠵᠤ᠂ ᠬᠤᠳᠠᠯ ᠬᠠᠭᠤᠷᠮᠠᠭ ᠢᠶᠠᠷ ᠴᠡᠭᠴᠡᠯᠡᠬᠦ᠂ ᠴᠡᠭᠴᠡᠯᠡᠬᠦ ᠶᠢᠨ ᠳᠠᠭᠠᠤ ᠵᠦᠷᠢᠴᠡᠬᠦ ᠵᠡᠷᠭᠡ ᠠᠵᠢᠯᠯᠠᠭᠠᠨ ᠳᠤ ᠴᠢᠩᠭ᠎ᠠ ᠴᠤᠬᠢᠯᠲᠠ ᠦᠭᠭᠦᠨ᠂ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠷᠭ᠎ᠠ ᠪᠠᠷᠢᠯ ᠢᠶᠠᠨ ᠴᠢᠩᠭᠠᠯᠠᠵᠤ᠂ ᠴᠡᠭᠴᠡᠯᠡᠯᠲᠡ ᠶᠢᠨ ᠠᠷᠭ᠎ᠠ ᠠᠪᠴᠠᠯ ᠤᠨ ᠪᠦᠲᠦᠮᠵᠢᠲᠤ ᠴᠢᠨᠠᠷ ᠢ ᠪᠠᠲᠤᠯᠠᠨ᠂ ᠲᠤᠭᠲᠠᠭᠰᠠᠨ ᠬᠤᠭᠤᠴᠠᠭᠠᠨ ᠳᠤ ᠴᠡᠭᠴᠡᠯᠡᠭᠡᠳᠦᠢ ᠠᠵᠢᠯᠯᠠᠭᠠᠨ ᠢ ᠬᠠᠣᠯᠢ ᠶᠤᠰᠤᠭᠠᠷ ᠨᠡᠶᠢᠲᠡᠯᠡᠵᠦ ᠬᠠᠷᠢᠭᠤᠴᠠᠯᠭ᠎ᠠ ᠨᠡᠬᠡᠮᠵᠢᠯᠡᠨ᠂ ᠰᠦᠷᠳᠡᠬᠦᠯᠬᠦ ᠦᠢᠯᠡᠳᠦᠯ ᠢ ᠪᠦᠷᠢᠯᠳᠦᠬᠦᠯᠬᠦ ᠬᠡᠷᠡᠭᠲᠡᠢ᠃ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠦᠨᠡᠨ ᠠᠴᠠ ᠵᠦᠪ ᠢ ᠡᠷᠢᠬᠦ᠂ ᠡᠷᠬᠡ ᠳᠡᠭᠰᠢ᠂ ᠲᠦᠪ ᠭᠤᠤᠯᠴᠢ᠂ ᠢᠯᠡ ᠲᠤᠲᠤ ᠵᠠᠷᠴᠢᠮ ᠢ ᠪᠠᠷᠢᠮᠲᠠᠯᠠᠨ᠂ ᠠᠵᠢᠯ  ᠤᠨ ᠬᠠᠮ ᠬᠦᠴᠦᠨ ᠢ ᠪᠦᠷᠢᠯᠳᠦᠬᠦᠯᠵᠦ᠂ ︽  ᠨᠡᠪᠲᠡᠷᠡᠬᠦᠯᠦᠨ ᠳᠦᠭᠵᠢᠷᠡᠬᠦᠯᠬᠦ ᠶᠢ ᠣᠶᠠᠯᠳᠣᠭᠤᠯᠬᠤ︾ ᠠᠵᠢᠯ ᠢ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠰᠢᠯᠭᠠᠨ ᠪᠠᠶᠢᠴᠠᠭᠠᠯᠲᠠ ᠶᠢ ᠲᠤᠭᠤᠯᠬᠤ ᠶᠢ ᠪᠠᠲᠤᠯᠠᠬᠤ ᠬᠡᠷᠡᠭᠲᠡᠢ ᠬᠡᠪᠡ᠃ 
2.jpg
     ᠶᠠᠩ ᠶᠢᠩ ᠰᠢᠨ ᠱᠦᠬᠦᠷᠬᠡᠢ ᠶᠢᠨ ᠪᠠᠷᠠᠭᠤᠨ ᠬᠡᠰᠡᠭ ᠤᠨ ᠬᠤᠳᠳᠤᠭ ᠤᠨ ᠲᠦᠷᠦᠯ ᠵᠦᠢᠯ ᠤᠨ ᠠᠬᠤᠢ ᠲᠠᠯᠠᠪᠠᠢ ᠳᠤ ᠠᠮᠢ ᠠᠬᠤᠢ ᠪᠠ ᠣᠷᠴᠢᠨ ᠬᠠᠮᠠᠭᠠᠯᠠᠯᠲᠠ ᠶᠢᠨ ᠬᠦᠷᠢᠶ᠎ᠡ ᠴᠠᠷᠠᠭᠠᠨ ᠳᠠᠬᠢ ᠠᠰᠠᠭᠤᠳᠠᠯ ᠤᠨ ᠴᠡᠭᠴᠡᠯᠡᠯᠲᠡ ᠶᠢᠨ ᠠᠬᠢᠴᠠ ᠶᠢ ᠪᠠᠶᠢᠴᠠᠭᠠᠪᠠ᠃ 
3.jpg
     ᠶᠠᠩ ᠶᠢᠩ ᠰᠢᠨ ᠬᠡᠷᠡᠮ ᠤᠨ ᠭᠤᠤᠯ ᠤᠨ ᠣᠲᠤᠭ ᠤᠨ ᠡᠮᠦᠨᠡᠲᠦ ᠬᠤᠰᠢᠭᠤᠨ ᠤ ᠬᠡᠰᠡᠭ ᠲᠤ᠂ ᠭᠤᠤᠯ ᠭᠤᠷᠤᠬ᠎ᠠ ᠨᠠᠭᠤᠷ ᠪᠦᠷᠢᠳᠦ ᠶᠢᠨ ︽ᠳᠦᠷᠪᠡᠨ ᠳᠣᠷ᠎ᠠ ᠪᠠᠷ︾ ᠢ ᠠᠷᠢᠯᠭᠠᠬᠤ ᠴᠡᠭᠴᠡᠯᠡᠯᠲᠡ ᠵᠢᠴᠢ ᠦᠶᠡᠷ ᠰᠡᠷᠬᠡᠶᠢᠯᠡᠯᠲᠡ ᠶᠢᠨ ᠪᠠᠶᠢᠳᠠᠯ ᠢ ᠰᠣᠨᠣᠰᠬᠤ ᠶᠢᠨ ᠬᠠᠮᠲᠤ ᠨᠠᠭᠤᠷ ᠴᠦᠬᠦᠷᠦᠮ ᠢ ᠲᠤᠭᠤᠷᠢᠨ ᠪᠠᠶᠢᠴᠠᠭᠠᠪᠠ᠃     ᠱᠦᠬᠦᠷᠬᠡᠢ ᠶᠢᠨ ᠪᠠᠷᠠᠭᠤᠨ ᠬᠡᠰᠡᠭ ᠤᠨ ᠬᠤᠳᠳᠤᠭ ᠤᠨ ᠲᠦᠷᠦᠯ ᠵᠦᠢᠯ ᠤᠨ ᠠᠬᠤᠢ ᠲᠠᠯᠠᠪᠠᠢ᠂ ᠰᠢᠨ ᠰᠢᠶᠠᠩ ᠤᠨ ᠴᠢᠯᠠᠭᠤᠨ ᠬᠡᠮᠬᠡᠳᠡᠰᠦ ᠰᠢᠢᠳᠪᠦᠷᠢᠯᠡᠬᠦ ᠦᠢᠯᠡᠳᠪᠦᠷᠢ᠂ ᠬᠡᠷᠡᠮ ᠤᠨ ᠭᠤᠤᠯ ᠤᠨ ᠣᠲᠤᠭ ᠤᠨ ᠡᠮᠦᠨᠡᠲᠦ ᠬᠤᠰᠢᠭᠤᠨ ᠤ ᠬᠡᠰᠡᠭ ᠲᠤ᠂ ᠶᠠᠩ ᠶᠢᠩ ᠰᠢᠨ ᠠᠮᠢ ᠠᠬᠤᠢ ᠪᠠ ᠣᠷᠴᠢᠨ ᠬᠠᠮᠠᠭᠠᠯᠠᠯᠲᠠ ᠶᠢᠨ ᠬᠦᠷᠢᠶ᠎ᠡ ᠴᠠᠷᠠᠭᠠᠨ ᠳᠠᠬᠢ ᠠᠰᠠᠭᠤᠳᠠᠯ ᠤᠨ ᠴᠡᠭᠴᠡᠯᠡᠯᠲᠡ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠭᠤᠤᠯ ᠭᠤᠷᠤᠬ᠎ᠠ ᠨᠠᠭᠤᠷ ᠪᠦᠷᠢᠳᠦ ᠶᠢᠨ ︽ᠳᠦᠷᠪᠡᠨ ᠳᠣᠷ᠎ᠠ ᠪᠠᠷ︾ ᠢ ᠠᠷᠢᠯᠭᠠᠬᠤ ᠴᠡᠭᠴᠡᠯᠡᠯᠲᠡ ᠵᠢᠴᠢ ᠦᠶᠡᠷ ᠰᠡᠷᠬᠡᠶᠢᠯᠡᠯᠲᠡ ᠶᠢᠨ ᠪᠠᠶᠢᠳᠠᠯ ᠢ ᠰᠣᠨᠣᠰᠬᠤ ᠶᠢᠨ ᠬᠠᠮᠲᠤ ᠨᠠᠭᠤᠷ ᠴᠦᠬᠦᠷᠦᠮ ᠢ ᠲᠤᠭᠤᠷᠢᠨ ᠪᠠᠶᠢᠴᠠᠭᠠᠪᠠ᠃ ᠲᠡᠷᠡ᠂ ᠴᠡᠭᠴᠡᠯᠡᠯᠲᠡ ᠶᠢᠨ ᠬᠠᠷᠢᠭᠤᠴᠠᠯᠭ᠎ᠠ ᠪᠠᠨ ᠪᠤᠲᠠᠲᠠᠶᠢᠵᠢᠭᠤᠯᠤᠨ᠂ ᠣᠯᠣᠰ ᠲᠦᠷᠦ ᠶᠢᠨ ᠡᠬᠦᠷᠬᠡᠯᠡᠯ ᠬᠠᠷᠢᠭᠤᠴᠠᠯᠭ᠎ᠠ ᠪᠠᠨ ᠴᠢᠩᠭᠠᠯᠠᠵᠤ᠂ ︽ᠨᠠᠮ ᠵᠠᠰᠠᠭ ᠢᠵᠢᠯ ᠬᠠᠷᠢᠭᠤᠴᠠᠯᠭ᠎ᠠ᠂ ᠨᠢᠬᠡ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠨᠠᠶᠢᠲᠠᠪᠤᠷᠢᠵᠢᠭᠤᠯᠤᠨ᠂ ᠳᠠᠭᠠᠭᠠᠮᠠᠭᠠᠢ ᠲᠤᠭᠲᠠᠴᠠ ᠶᠢ ᠴᠢᠩᠭᠠᠷᠠᠭᠤᠯᠵᠦ᠂ ᠴᠡᠭᠴᠡᠯᠡᠯᠲᠡ ᠶᠢ ᠪᠡᠶᠡᠯᠡᠬᠦᠯᠦᠭᠰᠡᠨ ᠠᠰᠠᠭᠤᠳᠠᠯ ᠢ ᠲᠠᠪᠲᠠᠵᠤ ᠬᠢᠨᠠᠨ᠂ ᠠᠮᠢ ᠠᠬᠤᠢ ᠪᠠ ᠣᠷᠴᠢᠨ ᠬᠠᠮᠠᠭᠠᠯᠠᠯᠲᠠ ᠶᠢᠨ ᠭᠤᠤᠯᠳᠠᠯᠭᠠᠲᠤ ᠬᠦᠷᠢᠶ᠎ᠡ ᠴᠠᠷᠠᠭᠠᠨ ᠤ ᠬᠢᠨᠠᠨ ᠬᠠᠮᠢᠶᠠᠷᠤᠯᠲᠠ ᠶᠢᠨ ᠳᠠᠭᠠᠭᠠᠮᠠᠭᠠᠢ ᠲᠤᠭᠲᠠᠴᠠ ᠶᠢ ᠪᠠᠶᠢᠭᠤᠯᠵᠤ᠂ ᠠᠰᠠᠭᠤᠳᠠᠯ ᠤᠨ ᠳᠠᠬᠢᠨ ᠡᠬᠦᠰᠬᠦ ᠶᠢ ᠴᠢᠩᠭ᠎ᠠ ᠰᠡᠷᠬᠡᠶᠢᠯᠡᠬᠦ ᠬᠡᠷᠡᠭᠲᠡᠢ᠃ ᠭᠤᠤᠯ ᠭᠤᠷᠤᠬ᠎ᠠ ᠨᠠᠭᠤᠷ ᠪᠦᠷᠢᠳᠦ ᠶᠢᠨ ᠳᠠᠷᠤᠭᠠᠴᠢ ᠶᠢᠨ ᠠᠵᠢᠯ ᠤᠨ ᠨᠠᠶᠢᠲᠠᠪᠤᠷᠢᠵᠢᠭᠤᠯᠤᠯᠲᠠ ᠶᠢ ᠨᠠᠷᠢᠯᠢᠭᠵᠢᠭᠤᠯᠵᠤ ᠪᠤᠲᠠᠲᠠᠶᠢᠵᠢᠭᠤᠯᠤᠨ᠂ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠣᠰᠣᠨ ᠰᠣᠷᠪᠣᠯᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠵᠦ᠂ ᠡᠳᠦᠷ ᠲᠤᠲᠤᠮ ᠤᠨ ᠲᠤᠭᠤᠷᠢᠨ ᠪᠠᠶᠢᠴᠠᠭᠠᠯᠲᠠ ᠬᠢᠨᠠᠨ ᠬᠠᠮᠠᠭᠠᠯᠠᠯᠲᠠ ᠶᠢᠨ ᠠᠵᠢᠯ ᠢᠶᠠᠨ ᠴᠢᠩᠭᠠᠳᠬᠠᠨ᠂ ᠣᠶᠢᠷ᠎ᠠ ᠬᠠᠪᠢ ᠶᠢᠨ ᠮᠣᠵᠢ ᠬᠤᠲᠠ ᠯᠤᠭ᠎ᠠ ᠶᠢᠨ ᠬᠠᠷᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠯᠠᠵᠤ᠂ ᠣᠷᠣᠨ ᠪᠦᠰᠡ ᠬᠠᠮᠵᠢᠯᠴᠠᠭᠰᠠᠨ᠂ ᠰᠠᠯᠠᠭ᠎ᠠ ᠮᠦᠴᠢᠷ ᠠᠴᠠ ᠬᠠᠮᠲᠤᠪᠡᠷ ᠠᠳᠬᠤᠭᠰᠠᠨ᠂ ᠣᠯᠠᠨ ᠢᠶᠠᠷ ᠠᠳᠬᠤᠵᠤ ᠬᠠᠮᠲᠣᠪᠡᠷ ᠬᠠᠮᠢᠶᠠᠷᠣᠭᠰᠠᠨ ᠠᠵᠢᠯ ᠤᠨ ᠪᠠᠶᠢᠳᠠᠯ ᠢ ᠪᠦᠷᠢᠯᠳᠦᠬᠦᠯᠦᠨ᠂ ᠣᠰᠣᠨ ᠠᠮᠢ ᠠᠬᠤᠢ ᠶᠢᠨ ᠣᠷᠴᠢᠨ ᠲᠤᠭᠤᠷᠢᠨ ᠤ ᠵᠠᠰᠠᠯᠲᠠ ᠶᠢᠨ ᠪᠦᠲᠦᠮᠵᠢ ᠶᠢ ᠳᠡᠭᠡᠭᠰᠢᠯᠡᠬᠦᠯᠬᠦ ᠬᠡᠷᠡᠭᠲᠡᠢ ᠬᠡᠪᠡ᠃     ᠬᠤᠰᠢᠭᠤ ᠣᠳᠣᠷᠢᠳᠣᠯᠭ᠎ᠠ ᠹᠦ᠋ ᠺᠧ᠂ ᠶᠢᠦ ᠵᠢᠶᠡᠨ ᠴᠢᠩ᠂ ᠰᠢᠦᠢ ᠬᠤᠤ ᠪᠦᠸᠧ᠂ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠣᠳᠣᠷᠢᠳᠣᠯᠭ᠎ᠠ ᠯᠢ ᠷᠦᠢ ᠲᠤᠰ ᠲᠤᠰ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ