ᠶᠠᠩ ᠶᠢᠩ ᠰᠢᠨ ᠶᠡᠭᠡ ᠰᠤᠷᠭᠠᠭᠤᠯᠢ ᠶᠢᠨ ᠰᠢᠯᠭᠠᠯᠳᠠ ᠶᠢᠨ ᠪᠡᠯᠡᠤᠨᠬᠡᠯ ᠪᠠ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/6/4
     6 ᠰᠠᠷ᠎ᠠ ᠶᠢᠨ 3 ᠤ ᠡᠳᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ ᠬᠤᠰᠢᠭᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠰᠢᠭᠤ ᠠᠵᠢᠯ ᠮᠡᠷᠬᠡᠵᠢᠯ ᠤᠨ ᠳᠤᠮᠳᠠᠳᠤ ᠰᠤᠷᠭᠠᠭᠤᠯᠢ᠂ ᠬᠤᠰᠢᠭᠤ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ ᠳᠤ ᠶᠡᠭᠡ ᠰᠤᠷᠭᠠᠭᠤᠯᠢ ᠶᠢᠨ ᠰᠢᠯᠭᠠᠯᠳᠠ ᠶᠢᠨ ᠪᠡᠯᠡᠤᠨᠬᠡᠯ᠂ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠠ᠂ ᠰᠤᠷᠭᠠᠭᠤᠯᠢ ᠶᠢᠨ ᠬᠦᠷᠢᠶᠡᠨ ᠤ ᠲᠦᠬᠦᠬᠡᠷᠤᠮᠵᠢ ᠶᠢᠨ ᠰᠠᠶᠢᠵᠢᠷᠠᠭᠤᠯᠤᠯᠳᠠ ᠳᠡᠬᠡᠭᠰᠢᠯᠡᠬᠦᠯᠤᠯᠳᠠ ᠵᠡᠷᠬᠡ ᠠᠵᠢᠯ ᠢ ᠪᠠᠶᠢᠴᠠᠭᠠᠨ ᠰᠤᠳᠤᠯᠪᠠ᠃
1eb6927221c08d3e1df39b730fcc58f0.jpg
     ᠶᠠᠩ ᠶᠢᠩ ᠰᠢᠨ ᠰᠢᠯᠭᠠᠯᠳᠠ ᠶᠢᠨ ᠳᠠᠯᠠᠪᠤᠷ ᠤᠨ ᠤᠷᠴᠢᠨ ᠳᠤᠭᠤᠷᠢᠨ᠂ ᠰᠢᠯᠭᠠᠯᠳᠠ ᠶᠢᠨ ᠶᠠᠪᠤᠳᠠᠯ ᠤᠨ ᠠᠯᠪᠠᠨ ᠬᠡᠷ᠂ ᠸᠢᠳᠢᠤ᠋ ᠬᠢᠨᠠᠨ ᠡᠵᠡᠮᠳᠡᠯ ᠤᠨ ᠳᠠᠰᠤᠭ᠂ ᠬᠤᠭᠤᠯᠠᠨ ᠬᠡᠷ ᠵᠡᠷᠬᠡ ᠭᠤᠤᠯᠳᠠᠯᠭᠠᠳᠤ ᠬᠦᠷᠢᠶ᠎ᠡ ᠴᠠᠷᠠᠭ᠎ᠠ ᠶᠢ ᠪᠤᠳᠠᠳᠤ ᠭᠠᠵᠠᠷ ᠲᠤ ᠨᠢ ᠪᠠᠶᠢᠴᠠᠭᠠᠨ ᠦᠵᠡᠵᠤ᠂ ᠶᠡᠭᠡ ᠰᠤᠷᠭᠠᠭᠤᠯᠢ ᠶᠢᠨ ᠰᠢᠯᠭᠠᠯᠳᠠ  ᠶᠢᠨ ᠠᠵᠢᠯ ᠤᠨ ᠰᠢᠯᠭᠠᠯᠳᠠ ᠶᠢᠨ ᠴᠡᠭ ᠰᠢᠯᠭᠠᠯᠳᠠ ᠶᠢᠨ ᠶᠠᠪᠤᠳᠠᠯ ᠤᠨ ᠳᠤᠬᠢᠷᠠᠭᠤᠯᠤᠯᠳᠠ᠂ ᠲᠦᠬᠦᠬᠡᠷᠤᠮᠵᠢ ᠶᠢᠨ ᠠᠵᠢᠯᠯᠠᠮᠵᠢ᠂ ᠠᠮᠤᠷ ᠲᠦᠪᠰᠢᠨ ᠤ ᠪᠠᠳᠤᠯᠠᠭ᠎ᠠ ᠵᠡᠷᠬᠡ ᠠᠵᠢᠯ ᠢ ᠨᠠᠷᠢᠯᠢᠭ ᠤᠶᠢᠯᠠᠭᠠᠪᠠ᠃ ᠶᠠᠩ ᠶᠢᠩ ᠰᠢᠨ᠂ ᠦᠨᠤ ᠵᠢᠯ ᠪᠤᠯ ᠦᠪᠡᠷᠳᠡᠬᠡᠨ ᠵᠠᠰᠠᠬᠤ ᠤᠷᠤᠨ ᠤ ᠶᠡᠭᠡ ᠰᠤᠷᠭᠠᠭᠤᠯᠢ ᠶᠢᠨ ᠰᠢᠯᠭᠠᠯᠳᠠ ᠶᠢᠨ ᠶᠡᠷᠤᠩᠬᠡᠶᠢᠯᠡᠭᠰᠡᠨ ᠦᠬᠡᠷᠡᠴᠢᠯᠡᠯᠳᠠ ᠶᠢ ᠨᠠᠶᠢᠳᠠᠪᠤᠷᠢᠵᠢᠭᠤᠯᠤᠭᠰᠡᠨ ᠠᠩᠬᠠᠨ ᠤ ᠰᠢᠯᠭᠠᠯᠳᠠ ᠶᠢᠨ ᠵᠢᠯ ᠪᠤᠯᠤᠨ᠎ᠠ᠂ ᠳᠡᠬᠡᠳᠤ ᠰᠤᠷᠭᠠᠭᠤᠯᠢ ᠶᠢᠨ ᠰᠢᠯᠭᠠᠯᠳᠠ ᠨᠢ ᠨᠡᠶᠢᠬᠡᠮ ᠳᠠᠶᠠᠭᠠᠷ ᠤᠨ ᠳᠡᠬᠡᠳᠤ ᠬᠡᠮᠵᠢᠶ᠎ᠡ ᠪᠠᠷ ᠠᠩᠬᠠᠷᠴᠤ ᠪᠠᠶᠢᠭ᠎ᠠ ᠠᠷᠠᠤᠨ ᠤᠨ ᠠᠮᠢᠳᠤᠷᠠᠯ ᠤᠨ ᠶᠡᠭᠡ ᠶᠠᠪᠤᠳᠠᠯ ᠪᠤᠯᠤᠭᠰᠡᠨ ᠤ ᠬᠤᠪᠢ ᠳᠤ ᠬᠡᠷ ᠤᠨ ᠠᠬᠠᠮᠠᠤᠨ᠂ ᠰᠤᠷᠭᠠᠭᠤᠯᠢ ᠪᠠ ᠨᠡᠶᠢᠬᠡᠮ ᠤᠨ ᠬᠦᠰᠡᠯ ᠮᠦᠷᠤᠬᠡᠳᠤᠯ ᠢ  ᠠᠴᠢᠶᠠᠯᠠᠵᠤ ᠪᠠᠶᠢᠳᠠᠭ᠃ ᠶᠡᠭᠡ ᠰᠤᠷᠭᠠᠭᠤᠯᠢ ᠶᠢᠨ ᠰᠢᠯᠭᠠᠯᠳᠠ ᠶᠢᠨ ᠡᠯ᠎ᠡ ᠪᠡᠯᠡᠤᠨᠬᠡᠯ ᠠᠵᠢᠯ ᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠂ ᠪᠦᠬᠦ ᠶᠠᠪᠤᠴᠠ ᠶᠢᠨ ᠡᠯ᠎ᠡ ᠭᠤᠭᠴᠤᠭ᠎ᠠ ᠶᠢ ᠳᠠᠬᠢᠨ ᠪᠠᠶᠢᠴᠠᠭᠠᠵᠤ ᠨᠠᠷᠢᠯᠢᠭᠵᠢᠭᠤᠯᠤᠨ ᠳᠡᠬᠦᠯᠳᠡᠷᠵᠢᠬᠦᠯᠵᠤ᠂ ᠰᠢᠯᠭᠠᠯᠳᠠ ᠶᠢᠨ ᠶᠠᠪᠤᠳᠠᠯ ᠤᠨ ᠵᠤᠬᠢᠶᠠᠨ ᠪᠠᠶᠢᠭᠤᠯᠤᠯᠳᠠ ᠬᠠᠮᠢᠶᠠᠷᠤᠯᠳᠠ ᠪᠠᠨ ᠲᠦᠷᠢᠮᠵᠢᠬᠦᠯᠤᠨ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠪᠠᠶᠢᠴᠠᠭᠠᠯᠳᠠ ᠪᠠᠨ ᠴᠢᠩᠭᠠᠤᠨᠬᠠᠵᠤ᠂ ᠰᠢᠯᠭᠠᠯᠳᠠ ᠶᠢᠨ ᠰᠤᠷᠳᠠᠯ ᠰᠠᠬᠢᠯᠭ᠎ᠠ ᠪᠠᠳᠤ ᠶᠢ ᠴᠢᠩᠳᠡᠯᠡᠨ᠂ ᠰᠢᠯᠭᠠᠯᠳᠠ ᠶᠢᠨ ᠳᠠᠯᠠᠪᠤᠷ ᠤᠨ ᠡᠮᠬᠢ ᠲᠢᠭᠯᠢᠮ ᠢ ᠪᠦᠬᠦ ᠬᠦᠴᠤᠨ ᠢᠶᠠᠷ ᠬᠠᠮᠠᠭᠠᠯᠠᠬᠤ ᠬᠡᠷᠡᠭᠳᠠᠢ᠃ ᠰᠢᠯᠭᠠᠭᠰᠠᠤᠨ ᠤᠨ ᠰᠡᠤᠨᠬᠢᠴᠠ ᠶᠢᠨ ᠵᠢᠯᠤᠭᠤᠳᠤᠯᠭ᠎ᠠ ᠪᠠ ᠬᠦᠮᠤᠡᠯᠢᠭ ᠬᠠᠯᠠᠮᠵᠢᠯᠠᠯ ᠢ ᠴᠢᠩᠭᠠᠤᠨᠬᠠᠨ᠂ ᠳᠡᠬᠡᠳᠤ ᠰᠤᠷᠭᠠᠭᠤᠯᠢ ᠶᠢᠨ ᠰᠢᠯᠭᠠᠯᠳᠠ ᠶᠢᠨ ᠡᠯ᠎ᠡ ᠲᠦᠷᠤᠯ ᠤᠨ ᠪᠠᠳᠤᠯᠠᠭ᠎ᠠ ᠶᠢᠨ ᠠᠵᠢᠯ ᠢ ᠰᠡᠤᠨᠬᠢᠯ ᠳᠠᠯᠪᠢᠨ ᠰᠠᠶᠢᠳᠤᠷ ᠬᠢᠵᠤ᠂ ᠪᠤᠯᠪᠠᠰᠤᠷᠠᠯ ᠰᠤᠷᠢᠯᠳᠠ ᠪᠠᠨ ᠴᠢᠩᠭᠠᠤᠨᠬᠠᠨ᠂ ᠵᠠᠮ ᠬᠠᠷᠢᠯᠴᠠᠭᠠᠨ ᠤ ᠨᠡᠪᠳᠡᠷᠡᠯᠬᠡ᠂ ᠳᠠᠭᠤ ᠱᠤᠤᠬᠢᠶᠠᠨ ᠤ ᠵᠠᠰᠠᠯᠳᠠ᠂ ᠡᠮ ᠡᠮᠴᠢᠯᠡᠭᠡ ᠪᠠᠴᠢᠮ ᠪᠠᠶᠢᠳᠠᠯ ᠤᠨ ᠠᠷᠭᠠᠴᠠᠯᠳᠠ᠂ ᠲᠦᠬᠦᠬᠡᠷᠤᠮᠵᠢ ᠶᠢᠨ ᠳᠤᠬᠢᠷᠠᠭᠤᠯᠭ᠎ᠠ ᠳᠤᠷᠰᠢᠯᠳᠠ᠂ ᠴᠠᠬᠢᠯᠭᠠᠨ ᠬᠦᠴᠤᠨ ᠤ ᠪᠠᠳᠤᠯᠠᠭ᠎ᠠ ᠬᠠᠩᠭᠠᠯᠭ᠎ᠠ ᠵᠡᠷᠬᠡ ᠶᠡᠷᠤᠩᠬᠡᠶᠢᠯᠡᠭᠰᠡᠨ ᠪᠠᠳᠤᠯᠠᠭ᠎ᠠ ᠶᠢᠨ ᠠᠵᠢᠯ ᠢᠶᠠᠨ ᠴᠢᠩᠭ᠎ᠠ ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠶᠢᠨ ᠰᠢᠯᠭᠠᠯᠳᠠ ᠳᠤ ᠪᠦᠬᠦ ᠬᠦᠴᠤᠨ ᠢᠶᠠᠷ ᠪᠠᠳᠤᠯᠠᠭ᠎ᠠ ᠬᠠᠩᠭᠠᠬᠤ ᠬᠡᠷᠡᠭᠳᠠᠢ᠃ ᠰᠤᠷᠭᠠᠨ ᠬᠦᠮᠤᠵᠢᠯ ᠤᠨ ᠦᠵᠡᠯᠳᠠ ᠪᠠᠨ ᠰᠢᠨᠡᠴᠢᠯᠡᠨ᠂ ᠬᠠᠮᠢᠶᠠᠷᠤᠯᠳᠠ ᠶᠢᠨ ᠪᠦᠳᠤᠮᠵᠢ ᠴᠢᠳᠠᠪᠬᠢ ᠪᠠᠨ ᠳᠡᠬᠡᠭᠰᠢᠯᠡᠬᠦᠯᠵᠤ᠂ ᠵᠢᠭᠠᠨ ᠰᠤᠷᠭᠠᠬᠤ ᠵᠠᠭᠪᠤᠷ ᠢᠶᠠᠨ ᠰᠢᠯᠢᠳᠡᠭᠵᠢᠬᠦᠯᠤᠨ᠂ ᠠᠵᠢᠯ ᠮᠡᠷᠬᠡᠵᠢᠯ ᠤᠨ ᠰᠤᠷᠭᠠᠭᠤᠯᠢ ᠪᠠ ᠡᠩ ᠤᠨ ᠳᠡᠬᠡᠳᠤ ᠵᠡᠷᠬᠡ ᠶᠢᠨ ᠰᠤᠷᠭᠠᠭᠤᠯᠢ ᠶᠢ ᠠᠭᠤᠰᠤᠯᠴᠠᠭᠤᠯᠬᠤ᠂ ᠤᠶᠢᠯᠡᠤᠨᠪᠤᠷᠢᠯᠡᠯ ᠵᠢᠭᠠᠨ ᠰᠤᠷᠭᠠᠯᠳᠠ ᠶᠢ ᠠᠭᠤᠰᠤᠯᠴᠠᠭᠤᠯᠬᠤ ᠠᠵᠢᠯ ᠮᠡᠷᠬᠡᠵᠢᠯ ᠤᠨ ᠰᠤᠷᠭᠠᠨ ᠬᠦᠮᠤᠵᠢᠯ ᠤᠨ ᠰᠢᠰᠲ᠋ᠧᠮ ᠢ ᠲᠦᠷᠬᠡᠤᠨᠬᠡᠨ ᠪᠦᠷᠢᠯᠳᠤᠬᠦᠯᠬᠦ ᠬᠡᠷᠡᠭᠳᠠᠢ᠃ ᠰᠤᠷᠭᠠᠨ ᠬᠦᠮᠤᠵᠢᠯ ᠤᠨ ᠲᠦᠬᠦᠬᠡᠷᠤᠮᠵᠢ ᠶᠢᠨ ᠰᠠᠶᠢᠵᠢᠷᠠᠭᠤᠯᠤᠯᠳᠠ ᠶᠢᠨ ᠢᠨᠵᠧᠨᠧᠷᠢᠩ ᠢ ᠲᠦᠷᠬᠡᠤᠨᠬᠡᠨ ᠠᠬᠢᠭᠤᠯᠵᠤ᠂ ᠪᠠᠭᠰᠢ ᠶᠢᠨ ᠤᠷᠤᠨ ᠳᠤᠭ᠎ᠠ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠬᠡᠳᠤᠯᠳᠠᠢ ᠲᠦᠯᠤᠪᠵᠢᠬᠦᠯᠤᠨ᠂ ᠪᠠᠭᠰᠢ ᠶᠢᠨ ᠪᠤᠯᠪᠠᠰᠤᠷᠠᠯ ᠪᠠ ᠵᠤᠷᠢᠭᠵᠢᠭᠤᠯᠤᠯ  ᠤᠨ ᠳᠤᠭᠳᠠᠴᠠ ᠪᠠᠨ ᠳᠡᠬᠦᠯᠳᠡᠷᠵᠢᠬᠦᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠬᠡᠮ ᠢ ᠪᠦᠬᠦ ᠳᠠᠯ᠎ᠠ ᠪᠠᠷ ᠪᠠᠶᠢᠴᠠᠭᠠᠨ᠂ ᠰᠤᠷᠭᠠᠭᠤᠯᠢ  ᠶᠢᠨ ᠬᠦᠷᠢᠶᠡᠨ ᠤ ᠠᠮᠤᠷ ᠲᠦᠪᠰᠢᠨ ᠤ ᠬᠢᠵᠠᠭᠠᠷ ᠱᠤᠭᠤᠮ ᠢ ᠪᠠᠬᠢᠵᠢᠬᠦᠯᠬᠦ ᠬᠡᠷᠡᠭᠳᠠᠢ ᠬᠡᠪᠡ᠃     ᠬᠤᠰᠢᠭᠤ ᠤᠳᠤᠷᠢᠳᠤᠯᠭ᠎ᠠ ᠰᠢᠦᠢ ᠬᠤᠣ ᠪᠥᠸᠧ ᠤᠷᠤᠯᠴᠠᠪᠠ᠃
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠣᠳᠠᠯ ᠤᠨ ᠮᠣᠩᠭᠤᠯ ᠬᠡᠯᠡᠨ ᠤ ᠰᠦᠯᠵᠢᠶ᠎ᠡ